《 ᠬᠠᠪᠤᠷ ᠤᠨ ᠬᠤᠷ᠎ᠠ ᠢᠨᠵᠧᠨᠧᠷᠢᠩ 》— ᠬᠤᠨᠠᠨ ᠮᠤᠵᠢ ᠶᠢᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠤᠨ ᠥᠪᠥᠷ ᠮᠣᠩᠭᠤᠯ ᠳᠤ ᠬᠢ ᠠᠶᠠᠯᠠᠯ ᠵᠢᠴᠢ ᠬᠤᠨᠠᠨ ᠥᠪᠥᠷ ᠮᠣᠩᠭᠤᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠮᠠᠨ ᠤ ᠣᠷᠣᠨ ᠳᠤ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2021/9/16
     9 ᠳ᠋ᠦ᠋ᠭᠡᠷ ᠰᠠᠷ᠎ᠠ ᠶᠢᠨ 2 ᠤᠨ ᠡᠳᠦᠷ ᠠᠴᠠ 8 ᠤ ᠡᠳᠦᠷ ᠪᠣᠯᠲᠠᠯ᠎ᠠ᠂ ᠬᠤᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠠᠴᠠ ᠭᠤᠤᠯᠯᠠᠨ ᠡᠷᠭᠢᠯᠡᠵᠦ᠂ ᠬᠤᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠶᠡᠷᠦᠩᠬᠡᠶ ᠠᠩᠭᠢ᠂ ᠬᠤᠨᠠᠨ ᠮᠤᠵᠢ ᠶᠢᠨ ᠰᠣᠶᠣᠯ ᠤᠨ ᠣᠷᠳᠣᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠬᠤᠨᠠᠨ ᠮᠤᠵᠢ ᠶᠢᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠤᠨ ᠦᠶᠯᠡᠴᠢᠯᠡᠭᠡᠨ ᠤ ᠣᠯᠠᠨ ᠲᠦᠮᠡᠨᠴᠢ ᠰᠣᠶᠣᠯ ᠤᠨ ᠰᠠᠯᠪᠤᠷᠢ ᠠᠩᠭᠢ᠂ ᠬᠥᠬᠡᠬᠤᠲᠠ ᠶᠢᠨ ᠰᠣᠶᠣᠯ  ᠤᠨ ᠣᠷᠳᠣᠨ᠂ ᠬᠢᠩᠭᠠᠨ ᠠᠶᠢᠮᠠᠭ ᠤᠨ ᠰᠣᠶᠣᠯ ᠤᠨ ᠣᠷᠳᠣᠨ᠂ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ 2021 ᠣᠨ ᠤ《 ᠬᠠᠪᠤᠷ ᠤᠨ ᠬᠤᠷ᠎ᠠ ᠢᠨᠵᠧᠨᠧᠷᠢᠩ 》 ᠤᠨ ᠬᠤᠨᠠᠨ ᠮᠤᠵᠢ ᠶᠢᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠤᠨ ᠥᠪᠥᠷ ᠮᠣᠩᠭᠤᠯ  ᠳᠤ ᠬᠢ ᠠᠶᠠᠯᠠᠯ ᠵᠢᠴᠢ ᠬᠤᠨᠠᠨ ᠥᠪᠥᠷ ᠮᠣᠩᠭᠤᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠠᠵᠢᠯᠯᠠᠭ᠎ᠠ ᠨᠢ《 ᠬᠤᠨᠠᠨ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠨᠢᠭᠡ ᠬᠡᠷ  ᠤᠨ ᠬᠥᠮᠦᠨ ᠮᠡᠲᠦ ᠳᠣᠲᠣᠨᠣ ᠪᠠᠶᠢᠬᠤ 》 ᠪᠠᠷ ᠭᠤᠤᠯ ᠰᠡᠳᠦᠪ ᠪᠣᠯᠭᠠᠵᠤ᠂《 ᠲᠣᠮᠣ ᠲᠤᠭᠯᠠᠯᠲᠠ ᠶᠢᠨ ᠲᠠᠶᠢᠰᠠ 》᠂《 ᠲᠣᠮᠣ ᠲᠠᠶᠢᠯᠤᠮᠵᠢ ᠶᠢᠨ ᠲᠠᠩᠬᠢᠮ 》 ᠤᠨ ᠬᠡᠯᠪᠡᠷᠢ ᠪᠠᠷ ᠳᠠᠮᠵᠢᠭᠤᠯᠤᠨ᠂ ᠲᠣᠰ ᠲᠣᠰ ᠬᠥᠬᠡᠬᠤᠲᠠ᠂ ᠬᠢᠩᠭᠠᠨ ᠠᠶᠢᠮᠠᠭ ᠤᠨ ᠤᠯᠠᠭᠠᠨᠬᠤᠲᠠ᠂ ᠷᠠᠰᠢᠶᠠᠨ ᠬᠤᠲᠠ ᠳᠤ ᠤᠷᠠᠨ ᠰᠠᠶᠢᠬᠠᠨ ᠤ ᠲᠣᠭᠯᠠᠯᠲᠠ ᠭᠤᠷᠪᠠᠨ ᠲᠠᠯᠠᠪᠠᠶ᠂ ᠲᠠᠶᠢᠯᠤᠮᠵᠢ ᠳᠥᠷᠪᠡᠨ ᠲᠠᠯᠠᠪᠠᠶ᠂ ᠣᠷᠣᠯᠴᠠᠭᠰᠠᠨ ᠣᠯᠠᠨ ᠲᠦᠮᠡᠨ 6000 ᠭᠠᠷᠤᠶ ᠳᠤ ᠬᠦᠷᠴᠡᠢ᠃ ᠠᠵᠢᠯᠯᠠᠭ᠎ᠠ  ᠶᠢᠨ ᠬᠤᠭᠤᠴᠠᠭᠠᠨ ᠳᠤ᠂ ᠬᠤᠨᠠᠨ ᠮᠤᠵᠢ ᠶᠢᠨ ᠰᠣᠶᠣᠯ ᠤᠨ ᠣᠷᠳᠣᠨ ᠬᠢᠩᠭᠠᠨ ᠠᠶᠢᠮᠠᠭ ᠤᠨ ᠰᠣᠶᠣᠯ ᠤᠨ ᠣᠷᠳᠣᠨ ᠳᠤ ᠰᠣᠶᠣᠯ ᠤᠨ ᠠᠵᠢᠯᠯᠠᠭᠠᠨ ᠤ ᠲᠥᠬᠦᠭᠡᠷᠦᠮᠵᠢ ᠬᠠᠨᠳᠢᠪᠯᠠᠪᠠ᠃              
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠤᠸᠠᠢ ᠹᠧᠩ᠂ ᠬᠤᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠱᠠᠩ ᠪᠢᠨ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ  ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠸᠢ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠦᠶ ᠵᠧᠨ ᠨᠢᠶᠠᠨ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠵᠡᠷᠭᠡ ᠤᠳᠤᠷᠢᠳᠤᠯᠭ᠎ᠠ ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠳᠤ ᠣᠷᠣᠯᠴᠠᠪᠠ᠃                《 ᠲᠤᠮᠤ ᠲᠤᠭᠯᠠᠯᠲᠠ ᠶᠢᠨ ᠲᠠᠶᠢᠰᠠ 》ᠤᠷᠠᠨ ᠰᠠᠶᠢᠬᠠᠨ ᠤ ᠲᠣᠭᠯᠠᠯᠲᠠ ᠳᠤ ᠬᠤᠨᠠᠨ ᠮᠤᠵᠢ ᠶᠢᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠪᠣᠯᠤᠨ ᠮᠠᠨ ᠤ ᠣᠷᠣᠨ ᠤ ᠰᠣᠶᠣᠯ ᠤᠨ ᠰᠠᠶᠢᠨ ᠳᠤᠷᠠᠴᠤᠳ ᠬᠠᠮᠲᠤ ᠪᠠᠷ ᠬᠤᠨᠠᠨ ᠤ ᠣᠨᠴᠠᠯᠢᠭ ᠪᠠ ᠲᠠᠯ᠎ᠠ ᠨᠤᠲᠤᠭ ᠤᠨ ᠬᠡᠪ ᠨᠠᠮᠪᠠ ᠲᠠᠢ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠲᠣᠭᠯᠠᠯᠲᠠ ᠳᠤ᠂ ᠬᠤᠨᠠᠨ ᠥᠪᠥᠷ ᠮᠣᠩᠭᠤᠯ ᠬᠤᠶᠠᠷ ᠭᠠᠵᠠᠷ ᠤᠨ ᠭᠤᠶᠢᠳᠠ ᠰᠠᠶᠢᠬᠠᠨ ᠰᠣᠶᠣᠯ ᠰᠣᠯᠪᠢᠴᠠᠨ ᠭᠡᠷᠡᠯᠲᠦᠵᠦ᠂ ᠬᠤᠶᠠᠷ ᠤᠲᠠᠰᠤᠲᠤ ᠬᠤᠭᠤᠷ ᠪᠣᠯᠤᠨ ᠮᠤᠷᠢᠨ ᠬᠤᠭᠤᠷ ᠦᠨᠳᠦᠰᠦᠲᠡᠨ ᠤ ᠬᠠᠶᠢᠷ᠎ᠠ ᠰᠡᠳᠬᠢᠯᠭᠡ ᠪᠠᠨ ᠬᠠᠮᠲᠤ ᠪᠠᠷ ᠲᠣᠭᠠᠴᠢᠪᠠ︔ ᠬᠤᠪᠢᠰ ᠪᠤᠯᠤᠨ ᠴᠠᠩ ᠳ᠋ᠧ ᠶᠢᠨ ᠴᠤᠭᠤᠷ ᠵᠦᠴᠦᠭᠡ ᠨᠢ ᠪᠣᠳᠠᠰ ᠤᠨ ᠪᠤᠰᠤ ᠰᠣᠶᠣᠯ ᠤᠨ ᠥᠪ ᠤᠨ ᠴᠤᠭ ᠵᠢᠪᠬᠤᠭ᠎ᠠ ᠶᠢ ᠬᠠᠮᠲᠤ ᠪᠠᠷ ᠢᠯᠡᠷᠡᠭᠦᠯᠪᠡ︔ ᠠᠶᠠᠭᠠᠨ ᠪᠥᠵᠢᠭ᠂ ᠲᠦᠷᠪᠡᠨ ᠤᠲᠠᠰᠤᠲᠤ ᠬᠤᠭᠤᠷ ᠤᠨ ᠨᠠᠶᠢᠷᠠᠯ《 ᠰᠠᠯᠬᠢᠨ ᠬᠦᠯᠦᠭ 》᠂《 ᠪᠠᠶᠠᠰᠬᠤᠯᠠᠩᠲᠤ ᠨᠠᠭᠠᠳᠤᠮ 》ᠵᠡᠷᠭᠡ ᠲᠣᠭᠯᠠᠯᠲᠠ ᠨᠢ ᠮᠠᠨ ᠤ ᠣᠷᠣᠨ ᠤ ᠠᠷᠠᠳ ᠲᠦᠮᠡᠨ ᠤ ᠠᠯᠤᠰ ᠠᠴᠠ ᠢᠷᠡᠭᠰᠡᠨ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠶᠢ ᠢᠯᠡᠳᠬᠡᠪᠡ︔ 《 ᠨᠤᠲᠤᠭ ᠤᠨ ᠳᠠᠭᠤᠤ ᠪᠠᠷ ᠢᠶᠠᠨ ᠬᠤᠷᠢᠮ ᠢᠶᠠᠨ ᠭᠤᠶᠤᠨ᠎ᠠ 》᠂《 ᠵᠢᠭᠠᠰᠤ ᠪᠤᠳᠠᠭᠠᠨ ᠤ ᠦᠯᠦᠭᠡᠢ ᠳ᠋ᠦᠩ ᠲᠢᠩ ᠬᠦ᠋ 》᠂ ᠪᠥᠮᠪᠥᠷ ᠤᠨ ᠰᠢ 《 ᠯᠢᠦ ᠬᠠᠢ ᠲᠦᠯᠡᠭᠡ ᠬᠠᠳᠤᠭᠰᠠᠨ 》ᠵᠡᠷᠭᠡ ᠲᠣᠭᠯᠠᠯᠲᠠ ᠨᠢ ᠬᠤᠨᠠᠨ ᠤ ᠵᠠᠩ ᠦᠢᠯᠡ ᠶᠢ ᠢᠯᠡᠷᠡᠭᠦᠯᠵᠦ᠂ ᠱᠤᠭ ᠶᠠᠷᠢᠶ᠎ᠠ《 ᠪᠠᠶᠠᠷᠲᠤ ᠮᠥᠴᠡ 》 ᠨᠢ ᠲᠤᠬᠠᠢ ᠶᠢᠨ ᠲᠠᠯᠠᠪᠠᠢ ᠶᠢ ᠢᠨᠢᠶᠡᠳᠦ ᠨᠠᠷᠭᠢᠶᠠᠨ ᠢᠶᠠᠷ ᠪᠢᠯᠬᠠᠭᠤᠯᠪᠠ︔ ᠠᠬᠤᠢ ᠲᠠᠯᠠᠪᠠᠢ ᠳᠤ ᠬᠤᠶᠠᠷ ᠭᠠᠵᠠᠷ ᠤᠨ ᠤᠷᠠᠨ ᠪᠢᠴᠢᠯᠭᠡᠲᠡᠳ ᠪᠢᠷ ᠪᠡᠭᠡ ᠨᠡᠶᠢᠯᠡᠭᠦᠯᠦᠨ᠂ ᠬᠠᠶᠢᠷ᠎ᠠ ᠰᠡᠳᠬᠢᠯᠭᠡ ᠪᠠᠨ ᠨᠡᠩ ᠢᠯᠡᠭᠦᠦ ᠠᠭᠤᠰᠤᠯᠴᠠᠭᠤᠯᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠨᠥᠬᠦᠷᠯᠡᠯ᠂ ᠭᠦᠨ ᠰᠡᠳᠬᠢᠯᠭᠡ ᠶᠢᠨ ᠰᠣᠯᠢᠯᠴᠠᠭ᠎ᠠ ᠪᠠᠨ ᠠᠭᠤᠵᠢᠷᠠᠲᠠᠯ᠎ᠠ ᠶᠠᠷᠢᠯᠴᠠᠵᠤ᠂ ᠠᠬᠤᠢ ᠲᠠᠯᠠᠪᠠᠢ ᠶᠢᠨ ᠥᠷᠨᠢᠯᠲᠡ ᠣᠯᠠᠰᠢᠷᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠦᠷᠭᠦᠯᠵᠢᠯᠡᠵᠦ᠂ ᠭᠤᠶᠢᠳᠠ ᠰᠠᠶᠢᠬᠠᠨ ᠲᠣᠭᠯᠠᠯᠲᠠ ᠨᠢ ᠠᠬᠤᠢ ᠲᠠᠯᠠᠪᠠᠢ ᠶᠢᠨ ᠦᠵᠡᠭᠴᠢᠳ ᠲᠤ ᠭᠦᠨ ᠰᠠᠭᠤᠭᠳᠠᠯ ᠦᠯᠡᠳᠡᠭᠡᠵᠡᠢ᠃    《 ᠲᠤᠮᠤ ᠲᠠᠶᠢᠯᠤᠮᠵᠢ ᠶᠢᠨ ᠲᠠᠩᠬᠢᠮ 》 ᠳᠤ ᠬᠤᠨᠠᠨ ᠮᠤᠵᠢ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠮᠤᠵᠢ ᠶᠢᠨ ᠳᠠᠭᠤᠤ ᠬᠦᠭᠵᠢᠮᠴᠢᠳ ᠤᠨ ᠨᠡᠶᠢᠭᠡᠮᠯᠢᠭ ᠤᠨ ᠲᠡᠷᠢᠭᠦᠯᠡᠭᠴᠢ᠂ ᠤᠯᠤᠰ ᠤᠨ ᠨᠢᠭᠡᠳᠦᠭᠡᠷ ᠳᠡᠰ ᠤᠨ ᠠᠶ᠎ᠠ ᠵᠣᠬᠢᠶᠠᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠳ᠋ᠧᠩ ᠳ᠋ᠦᠩ ᠶᠤᠸᠠᠨ《 ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠨᠳᠦᠰᠦᠲᠡᠨ ᠤ ᠴᠢᠨᠠᠷ ᠬᠢᠭᠡᠳ ᠴᠠᠭ ᠦᠶ᠎ᠡ ᠶᠢᠨ ᠴᠢᠨᠠᠷ ᠢ ᠤᠶᠠᠯᠳᠤᠭᠤᠯᠬᠤ ᠠᠰᠠᠭᠤᠳᠠᠯ 》ᠭᠡᠬᠦ ᠰᠡᠳᠦᠪ ᠢᠶᠠᠷ ᠬᠥᠬᠡᠬᠤᠲᠠ ᠶᠢᠨ ᠰᠣᠶᠣᠯ ᠤᠨ ᠣᠷᠳᠣᠨ᠂ ᠤᠯᠠᠭᠠᠨᠬᠤᠲᠠ  ᠶᠢᠨ ᠤᠯᠠᠭᠠᠨᠮᠥ᠋ᠴᠢᠷ ᠤᠨ ᠤᠷᠠᠯᠢᠭ ᠤᠨ ᠣᠷᠳᠣᠨ ᠳᠤ ᠰᠣᠶᠣᠯ ᠵᠢᠭᠤᠯᠴᠢᠯᠠᠯ ᠤᠨ ᠰᠠᠶᠢᠨ ᠳᠤᠷ᠎ᠠ ᠶᠢᠨ ᠠᠵᠢᠯᠯᠠᠭ᠎ᠠ  ᠶᠢᠨ ᠲᠠᠶᠢᠯᠤᠮᠵᠢ ᠬᠢᠪᠠ᠃ ᠬᠤᠨᠠᠨ ᠮᠤᠵᠢ ᠶᠢᠨ ᠰᠣᠶᠣᠯ ᠤᠨ ᠣᠷᠳᠣᠨ ᠤ ᠳᠡᠳ᠋ ᠳᠠᠷᠤᠭ᠎ᠠ᠂ ᠰᠤᠳᠤᠯᠤᠭᠴᠢ᠂ ᠰᠣᠶᠣᠯ ᠵᠢᠭᠤᠯᠴᠢᠯᠠᠯ ᠤᠨ ᠶᠠᠮᠤᠨ ᠤ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠣᠭᠤᠷᠢᠨ ᠲᠠᠶᠢᠯᠤᠮᠵᠢ ᠬᠢᠬᠦ ᠲᠤᠰᠬᠠᠶ ᠮᠡᠷᠭᠡᠵᠢᠯᠲᠡᠨ ᠵᠧᠦ ᠬᠥ᠋ ᠵᠢᠶᠠᠨ《 ᠰᠣᠶᠣᠯ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡ ᠬᠢᠭᠡᠳ ᠰᠢᠨ᠎ᠡ ᠴᠠᠭ ᠦᠶ᠎ᠡ ᠶᠢᠨ ᠰᠣᠶᠣᠯ ᠤᠨ ᠣᠷᠳᠣᠨ ᠤ ᠡᠭᠦᠷᠭᠡ ᠴᠢᠳᠠᠪᠤᠷᠢ ᠶᠢ ᠤᠷᠲᠤᠳᠬᠠᠬᠤ ᠲᠤᠬᠠᠶ ᠬᠠᠶᠢᠨ ᠰᠥᠪᠡᠭᠴᠢᠯᠡᠯᠲᠡ 》ᠭᠡᠬᠦ ᠰᠡᠳᠦᠪ ᠢᠶᠠᠷ ᠷᠠᠰᠢᠶᠠᠨ ᠬᠤᠲᠠ ᠳᠤ ᠲᠠᠶᠢᠯᠤᠮᠵᠢ ᠬᠢᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠠᠵᠢᠯᠲᠠᠳ ᠲᠤ ᠰᠣᠯᠢᠯᠴᠠᠭ᠎ᠠ ᠬᠢᠬᠦ᠂ ᠰᠤᠷᠤᠯᠴᠠᠬᠤ ᠲᠣᠬᠢᠶᠠᠯ ᠬᠠᠩᠭᠠᠪᠠ᠂ ᠡᠭᠦᠨ ᠢ ᠰᠣᠨᠣᠰᠤᠭᠠᠳ ᠰᠠᠶᠢᠨ ᠲᠤᠷᠠᠴᠤᠳ ᠭᠦᠨ ᠰᠡᠩᠬᠡᠷᠡᠭᠦᠯᠦᠯ ᠣᠯᠵᠠᠶ᠃    《 ᠬᠠᠪᠤᠷ ᠤᠨ ᠬᠤᠷ᠎ᠠ ᠢᠨᠵᠧᠨᠧᠷᠢᠩ 》ᠪᠣᠯ ᠰᠣᠶᠣᠯ ᠪᠠ ᠵᠢᠭᠤᠯᠴᠢᠯᠠᠯ ᠤᠨ ᠶᠠᠮᠤᠨ᠂ ᠲᠥᠪ ᠤᠨ ᠣᠶᠤᠨ  ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠬᠠᠮᠲᠤ ᠪᠠᠷ ᠭᠤᠤᠯᠯᠠᠨ ᠡᠷᠭᠢᠯᠡᠵᠦ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠠ ᠳᠣᠲᠣᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠬᠤ᠂ ᠬᠠᠷᠢᠯᠴᠠᠨ ᠰᠤᠷᠤᠯᠴᠠᠬᠤ᠂ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠰᠠᠶᠢᠨ ᠳᠤᠷ᠎ᠠ ᠶᠢᠨ ᠰᠣᠶᠣᠯ ᠤᠨ ᠦᠶᠯᠡᠴᠢᠯᠡᠭᠡ ᠪᠠᠷ ᠵᠣᠷᠢᠯᠲᠠ ᠪᠣᠯᠭᠠᠵᠤ᠂ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠪᠠᠷ ᠭᠤᠤᠯᠯᠠᠭᠴᠢ ᠪᠣᠯᠭᠠᠵᠤ᠂《 ᠲᠤᠮᠤ ᠲᠤᠭᠯᠠᠯᠲᠠ ᠶᠢᠨ ᠲᠠᠶᠢᠰᠠ 》᠂《 ᠲᠣᠮᠣ ᠲᠠᠶᠢᠯᠤᠮᠵᠢ ᠶᠢᠨ ᠲᠠᠩᠬᠢᠮ 》᠂《 ᠲᠣᠮᠣ ᠦᠵᠡᠭᠦᠯᠭᠡ ᠶᠢᠨ ᠲᠠᠪᠴᠠᠩ 》ᠵᠡᠷᠭᠡ ᠰᠣᠶᠣᠯ ᠤᠨ ᠬᠡᠯᠪᠡᠷᠢ ᠪᠠᠷ ᠠᠴᠢᠶᠠᠯᠠᠪᠤᠷᠢ ᠪᠣᠯᠭᠠᠭᠰᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠪᠣᠯᠤᠨ᠎ᠠ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠦᠬᠦ ᠤᠯᠤᠰ ᠤᠨ ᠡᠯ᠎ᠡ ᠭᠠᠵᠠᠷ ᠤᠨ ᠰᠣᠶᠣᠯ ᠤᠨ ᠰᠠᠯᠠᠭ᠎ᠠ ᠮᠥᠴᠢᠷ ᠢᠳᠡᠪᠬᠢᠲᠡᠢ ᠴᠤᠤᠷᠢᠶᠠᠲᠤᠨ ᠥᠷᠭᠡᠨ ᠢᠶᠠᠷ ᠣᠷᠣᠯᠴᠠᠵᠤ᠂ ᠢᠯᠠᠩᠭᠤᠶ᠎ᠠ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠤ ᠤᠯᠠᠨ ᠲᠦᠮᠡᠨ ᠤ ᠬᠠᠯᠠᠭᠤᠨ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号