ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠤᠪᠴᠢᠶ᠎ᠠ《 ᠪᠠᠭᠠᠷᠢᠨ ᠲᠡᠨᠢᠭᠡᠷ ᠤᠨ ᠰᠡᠶᠢᠯᠦᠮᠡᠯ 》 ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/18
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ《 ᠪᠠᠭᠠᠷᠢᠨ ᠲᠡᠨᠢᠭᠡᠷ  ᠤᠨ ᠰᠡᠶᠢᠯᠦᠮᠡᠯ 》 ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ  ᠤᠨ ᠵᠥᠪᠯᠡᠯ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ ᠪᠠᠭᠠᠷᠢᠨ ᠲᠡᠨᠢᠭᠡᠷ ᠤᠨ ᠨᠡᠶᠢᠭᠡᠮᠯᠢᠭ᠂ ᠪᠠᠭᠠᠷᠢᠨ ᠲᠡᠨᠢᠭᠡᠷ ᠤᠨ ᠭᠠᠷ ᠤᠷᠠᠯᠠᠯ ᠤᠨ ᠦᠶᠯᠡᠳᠬᠡᠯ ᠤᠨ ᠭᠠᠵᠠᠷ ᠵᠢᠴᠢ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠠᠴᠠ ᠢᠷᠡᠭᠰᠡᠨ ᠪᠠᠭᠠᠷᠢᠨ ᠲᠡᠨᠢᠭᠡᠷ ᠤᠨ ᠰᠡᠶᠢᠯᠦᠮᠡᠯ ᠤᠨ ᠦᠪᠯᠡᠨ ᠤᠯᠠᠮᠵᠢᠯᠠᠭᠴᠢ ᠰᠠᠭᠤᠳᠠᠯ ᠤᠨ ᠬᠤᠷᠠᠯ ᠳᠤ ᠣᠷᠣᠯᠴᠠᠪᠠ     ᠰᠠᠭᠤᠳᠠᠯ ᠤᠨ ᠬᠤᠷᠠᠯ ᠳᠡᠭᠡᠷ᠎ᠡ᠂ ᠡᠯ᠎ᠡ ᠤᠳᠤᠷᠢᠳᠤᠯᠭ᠎ᠠ ᠪᠣᠯᠤᠨ ᠬᠦᠨᠳᠦᠲᠦ ᠵᠣᠴᠢᠳ《 ᠰᠠᠨᠠᠯ 》 ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂《 ᠪᠠᠭᠠᠷᠢᠨ ᠲᠡᠨᠢᠭᠡᠷ ᠤᠨ ᠰᠡᠶᠢᠯᠦᠮᠡᠯ 》 ᠢ ᠬᠠᠮᠠᠭᠠᠯᠠᠬᠤ᠂ ᠰᠢᠨ᠎ᠡ  ᠶᠢ ᠡᠭᠦᠳᠬᠦ᠂ ᠤᠯᠠᠮᠵᠢᠯᠠᠨ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ ᠥᠷᠭᠡᠨ ᠳᠡᠯᠭᠡᠷ ᠶᠠᠷᠢᠯᠴᠠᠭ᠎ᠠ ᠪᠠ ᠰᠣᠯᠢᠯᠴᠠᠭ᠎ᠠ ᠬᠢᠵᠦ᠂ ᠬᠤᠶᠢᠰᠢᠳᠠ《 ᠪᠠᠭᠠᠷᠢᠨ ᠲᠡᠨᠢᠭᠡᠷ ᠤᠨ ᠰᠡᠶᠢᠯᠦᠮᠡᠯ 》 ᠤᠨ ᠤᠯᠤᠰ ᠤᠨ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢᠶᠠᠷ ᠬᠥᠲᠥᠴᠢ ᠪᠣᠯᠭᠠᠨ᠂ ᠲᠡᠭᠦᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠂ ᠤᠯᠠᠭᠠᠨᠬᠠᠳᠠ ᠶᠢᠨ ᠰᠣᠶᠣᠯ ᠤᠨ ᠪᠡᠯᠭᠡ ᠲᠡᠮᠳᠡᠭ ᠢ ᠴᠣᠭᠴᠠᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃     ᠲᠣᠰ ᠤᠳᠠᠭᠠᠨ ᠤ ᠰᠠᠭᠤᠳᠠᠯ ᠤᠨ ᠬᠤᠷᠠᠯ ᠳᠡᠭᠡᠷ᠎ᠡ᠂《 ᠪᠠᠭᠠᠷᠢᠨ ᠲᠡᠨᠢᠭᠡᠷ ᠤᠨ ᠰᠡᠶᠢᠯᠦᠮᠡᠯ 》 ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢᠨ ᠲᠤᠬᠠᠶ ᠬᠠᠮᠲᠤ  ᠪᠠᠷ ᠶᠠᠷᠢᠯᠴᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠪᠠ ᠴᠢᠭᠯᠡᠯ ᠢ ᠲᠣᠳᠣᠷᠬᠠᠶ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ᠂《 ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ 》 ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ᠃ ᠥᠷᠭᠡᠨ ᠣᠯᠠᠨ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠭᠴᠢ ᠶᠢᠨ ᠬᠠᠮᠲᠤ ᠶᠢᠨ ᠴᠢᠷᠮᠠᠶᠢᠯᠭ᠎ᠠ ᠪᠠᠷ᠂《 ᠪᠠᠭᠠᠷᠢᠨ ᠲᠡᠨᠢᠭᠡᠷ ᠤᠨ ᠰᠡᠶᠢᠯᠦᠮᠡᠯ 》 ᠤᠨ ᠰᠣᠶᠣᠯ᠂ ᠤᠷᠠᠯᠢᠭ ᠵᠢᠴᠢ ᠨᠡᠶᠢᠭᠡᠮ ᠤᠨ ᠦᠨ᠎ᠡ ᠥᠷᠲᠡᠭ ᠢ ᠤᠯᠠᠮ ᠨᠢᠭᠡ ᠠᠯᠬᠤᠮ ᠠᠭᠤᠳᠠᠯᠵᠤ᠂ ᠡᠨᠡ ᠬᠦ ᠣᠷᠣᠨ ᠨᠤᠲᠤᠭ  ᠤᠨ ᠰᠣᠶᠣᠯ ᠤᠨ ᠨᠠᠷᠠᠲᠤ ᠲᠡᠮᠳᠡᠭ ᠤᠨ ᠷᠢᠳᠢ ᠰᠢᠳᠢ ᠶᠢ ᠦᠷᠭᠦᠯᠵᠢᠯᠡᠨ ᠪᠠᠳᠠᠷᠠᠭᠤᠯᠵᠤ᠂ ᠪᠠᠭᠠᠷᠢᠨ ᠲᠡᠨᠢᠭᠡᠷ ᠤᠨ ᠰᠡᠶᠢᠯᠦᠮᠡᠯ ᠤᠨ ᠤᠷ᠎ᠠ ᠮᠡᠷᠭᠡᠰᠢᠯ ᠢ《 ᠴᠢᠯᠠᠭᠤ ᠨᠢ ᠭᠤᠶᠢᠳᠠ᠂ ᠰᠡᠶᠢᠯᠦᠮᠡᠯ ᠨᠢ ᠨᠢᠭᠲᠠ 》 ᠪᠤᠯᠭᠠᠬᠤ ᠪᠠᠷ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号