ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠭᠤᠤᠯᠯᠠᠨ ᠡᠷᠭᠢᠯᠡᠭᠰᠡᠨ ︽ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ | ᠵᠠᠮ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠵᠢᠴᠢ ᠳᠡᠯᠭᠡᠷᠡᠭᠦᠯᠬᠦ ᠠᠵᠢᠯᠯᠠᠭ᠎ᠠ︾ ᠨᠢ 2021 ᠣᠨ ᠤ | 9 ᠳ᠋ᠦ᠋ᠭᠡᠷ ᠰᠠᠷ᠎ᠠ ᠶᠢᠨ 30 ᠤ ᠡᠳᠦᠷ — 10 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ ᠪᠡᠭᠡᠵᠢᠩ ᠳᠤ | ᠬᠢᠨ᠎ᠡ᠃ | ᠲᠤᠰ ᠤᠳᠠᠭᠠᠨ ᠤ ᠠᠵᠢᠯᠯᠠᠭ᠎ᠠ ᠨᠢ ︽ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠶᠡᠭᠡ ᠵᠠᠮ︾ ᠭᠤᠣᠯ ᠰᠡᠳᠦᠪᠲᠦ ᠭᠡᠷᠡᠯ ᠵᠢᠷᠤᠭ ᠤᠨ ᠦᠵᠡᠰᠭᠦᠯᠡᠩ ᠪᠣᠯᠤᠨ ᠭᠤᠣᠯ ᠰᠡᠳᠦᠪᠲᠦ | ᠡᠳᠦᠷ ᠢ ᠳᠡᠯᠭᠡᠷᠡᠭᠦᠯᠬᠦ ᠠᠵᠢᠯᠯᠠᠭ᠎ᠠ ᠪᠠᠷ ᠪᠦᠷᠢᠯᠳᠦᠵᠡᠢ᠃ ᠡᠭᠦᠨ ᠳᠤ᠂ ︽ᠰᠢᠯᠢ ᠶᠢᠨ ᠭᠤᠤᠯ ᠤᠨ ᠮᠢᠩᠭᠠᠨ ᠭᠠᠵᠠᠷ | ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ︾ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠨᠢ | ᠳᠥᠷᠪᠡᠨ ᠤᠯᠠᠷᠢᠯ ᠤᠨ ᠥᠩᠭᠡ᠂ ᠨᠤᠲᠤᠭ ᠤᠨ ᠵᠠᠩ ᠦᠢᠯᠡ᠂ ᠨᠤᠲᠤᠭ ᠤᠨ ᠭᠠᠷᠤᠯᠲᠠ ᠶᠢᠨ ᠢᠳᠡᠭᠡᠨ᠂ | ᠦᠨᠳᠦᠰᠦᠲᠡᠨ ᠤ ᠰᠣᠶᠣᠯ᠂ ᠤᠨᠴᠠᠯᠢᠬᠳᠤ ᠦᠵᠡᠮᠵᠢ ᠶᠢᠨ ᠣᠷᠣᠨ᠂ ᠪᠠᠶᠢᠭᠠᠯᠢ ᠶᠢᠨ ᠦᠵᠡᠮᠵᠢ ᠵᠡᠷᠭᠡ ᠠᠭᠤᠯᠭ᠎ᠠ | ᠲᠥᠷᠥᠯ ᠵᠦᠶᠯ ᠢ ᠬᠠᠮᠤᠷᠴᠠᠢ᠃ ᠵᠢᠱᠢᠯᠲᠡ ᠪᠠᠷ ᠪᠦᠲᠦᠭᠡᠯ ᠤᠨ ᠲᠤᠭ᠎ᠠ 70 ᠭᠠᠷᠤᠨ᠎ᠠ᠃ 10 ᠳ᠋ᠤᠭᠠᠷ ᠰᠠᠷ᠎ᠠ ᠶᠢᠨ | 1 ᠤ ᠡᠳᠦᠷ — 7 ᠤ ᠡᠳᠦᠷ ᠪᠣᠯᠲᠠᠯ᠎ᠠ ᠪᠠᠰᠠ ᠠᠳᠠᠯᠢ ᠪᠤᠰᠤ ᠣᠨᠴᠠᠯᠢᠭ ᠨᠠᠮᠪᠠ ᠲᠠᠢ ᠭᠤᠤᠯ ᠰᠡᠳᠦᠪᠲᠦ | ᠳᠡᠯᠭᠡᠷᠡᠭᠦᠯᠬᠦ ᠡᠳᠦᠷ ᠤᠨ ᠠᠵᠢᠯᠯᠠᠭ᠎ᠠ ᠦᠷᠨᠢᠭᠦᠯᠦᠨ᠎ᠡ᠃ ᠲᠤᠬᠠᠢ ᠶᠢᠨ ᠴᠠᠭ ᠲᠤ ᠳᠠᠭᠤᠤ ᠬᠥᠭᠵᠢᠮ᠂ ᠬᠤᠪᠴᠠᠰᠤ | ᠵᠠᠰᠠᠯ᠂ ᠠᠮᠲᠠᠲᠤ ᠢᠳᠡᠭᠡᠨ᠂ ᠵᠢᠷᠤᠭ ᠳᠦᠷᠰᠦ ᠪᠠᠷ ᠳᠠᠮᠵᠢᠨ᠂ ᠦᠵᠡᠭᠳᠡᠯ ᠢᠶᠠᠷ ᠲᠠᠯ᠎ᠠ ᠨᠤᠲᠤᠭ ᠢ ᠰᠣᠨᠢᠷᠬᠠᠵᠤ᠂ | ᠰᠢᠯᠢ ᠶᠢᠨ ᠭᠤᠤᠯ ᠤᠨ ᠡᠳᠦᠷ ᠬᠤᠨᠤᠭ ᠢ ᠬᠠᠮᠲᠤ ᠪᠠᠷ ᠡᠳ᠋ᠯᠡᠵᠦ᠂ ᠥᠷᠭᠡᠨ ᠠᠭᠤᠳᠠᠮ ᠲᠠᠯ᠎ᠠ ᠨᠤᠲᠤᠭ ᠤᠨ ᠠᠭᠠᠯᠢ | ᠪᠠᠶᠢᠳᠠᠯ ᠢ ᠬᠠᠮᠲᠤ ᠪᠠᠷ ᠰᠣᠨᠢᠷᠬᠠᠬᠤ ᠪᠣᠯᠤᠨ᠎ᠠ᠃ |