ᠣᠷᠳᠣᠰ ᠬᠤᠲᠠ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ  ᠠᠴᠠ ᠡᠮᠦᠨᠡᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2021/9/18
     ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠶ ᠪᠠᠷ ᠪᠣᠶ ᠪᠣᠯᠭᠠᠵᠤ᠂ ᠣᠷᠳᠣᠰ ᠬᠤᠲᠠ ᠶᠢᠨ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ ᠤᠨ ᠬᠤᠭᠤᠴᠠᠭᠠᠨ ᠳᠤ ᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠲᠦᠷᠦᠭᠦᠬᠡᠨ᠂ ᠣᠷᠳᠣᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠢ ︽ᠬᠤᠤᠰ ᠲᠣᠬᠢᠶᠠᠯᠳᠤᠯ︾ ᠤᠨ ᠪᠠᠶᠢᠴᠠᠭᠠᠯᠲᠠ ᠶᠢ ᠥᠷᠨᠢᠭᠦᠯᠪᠡ  ᠃      ᠬᠠᠤᠯᠢ ᠬᠡᠷᠡᠭᠵᠢᠭᠦᠯᠦᠭᠴᠢ ᠠᠴᠠ ᠡᠵᠡᠨ ᠬᠤᠷᠤᠭ᠎ᠠ ᠬᠤᠰᠢᠭᠤᠨ ᠤ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠦᠯᠵᠢᠶᠡᠨ ᠤ ᠪᠠᠭᠠᠷ᠂ ᠨᠣᠮ ᠤᠨ ᠳᠡᠯᠭᠡᠭᠦᠷ᠂ ᠬᠡᠪᠯᠡᠬᠦ ᠦᠶᠯᠡᠳᠪᠦᠷᠢ ᠵᠡᠷᠭᠡ ᠲᠠᠯᠠᠪᠤᠷ ᠭᠠᠵᠠᠷ  ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠂ ᠭᠠᠯ ᠤᠨᠲᠠᠷᠠᠭᠠᠬᠤ ᠪᠠᠭᠠᠵᠢ ᠬᠡᠷᠡᠭᠰᠡᠯ  ᠤᠨ ᠡᠳᠦᠷ ᠲᠤᠲᠤᠮ ᠤᠨ ᠪᠠᠶᠢᠴᠠᠭᠠᠯᠲᠠ ᠵᠡᠷᠭᠡ ᠪᠠᠶᠢᠳᠠᠯ ᠵᠢᠴᠢ ᠲᠠᠯᠠᠪᠤᠷ ᠭᠠᠵᠠᠷ ᠤᠨ ᠠᠮᠤᠷ ᠲᠦᠪᠰᠢᠨ ᠤ ᠭᠠᠷᠬᠤ ᠡᠭᠦᠳᠡ᠂ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤ ᠨᠢ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠪᠣᠯ ᠬᠠᠷᠢᠶ᠎ᠠ ᠭᠠᠵᠠᠷ  ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠳᠠᠭᠠᠭᠠᠯᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠦᠵᠢᠭᠤᠯᠤᠭᠰᠠᠨ ᠪᠠᠶᠢᠳᠠᠯ ᠢ ︽ᠡᠷᠬᠢᠨ ᠪᠠᠶᠢᠴᠠᠭᠠᠬᠤ︾ ᠠᠵᠢᠯᠯᠠᠭ᠎ᠠ ᠬᠢᠯᠭᠡᠪᠡ᠃ ᠡᠭᠦᠨ ᠤ ᠬᠠᠮᠲᠤ᠂ ᠡᠷᠡᠭᠦᠯ ᠮᠡᠨᠳᠦ ᠶᠢᠨ ᠺᠣᠳ᠋᠂ ᠪᠡᠶ᠎ᠡ ᠶᠢᠨ ᠬᠠᠯᠠᠭᠤᠨ ᠢ ᠪᠠᠶᠢᠴᠠᠭᠠᠨ ᠰᠢᠯᠭᠠᠬᠤ᠂ ᠵᠢᠩᠬᠢᠨᠢ ᠨᠡᠷ᠎ᠡ ᠪᠠᠷ ᠳᠠᠩᠰᠠᠯᠠᠬᠤ ᠵᠡᠷᠭᠡ ᠠᠵᠢᠯ ᠢ ᠵᠦᠶᠯ ᠳᠠᠷᠠᠭᠠᠯᠠᠨ ᠪᠠᠶᠢᠴᠠᠭᠠᠪᠠ᠃ ᠠᠷᠢᠭᠤᠳᠬᠠᠬᠤ ᠲᠥᠬᠦᠭᠡᠷᠦᠮᠵᠢ ᠵᠢᠴᠢ ᠠᠷᠢᠭᠤᠳᠬᠠᠬᠤ ᠡᠳ᠋ ᠪᠣᠳᠠᠰ ᠢ ᠪᠦᠷᠢᠨ ᠲᠣᠬᠢᠷᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠠᠪᠤᠷ ᠳᠣᠲᠣᠷᠠᠬᠢ ᠶᠢ ᠠᠷᠢᠭᠤᠳᠬᠠᠬᠤ ᠰᠠᠯᠬᠢ ᠨᠡᠪᠲᠡᠷᠡᠭᠦᠯᠬᠦ᠂  ᠠᠵᠢᠯᠲᠠᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠤᠬᠠᠮᠰᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠨᠡᠶᠢᠲᠡ 8 ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ 56 ᠬᠦᠮᠦᠨ ︵ᠤᠳᠠᠭ᠎ᠠ︶ ᠣᠷᠤᠯᠴᠠᠵᠤ᠂ ᠰᠣᠶᠣᠯ  ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠪᠦᠲᠦᠮᠵᠢᠲᠡᠶ ᠵᠢᠷᠤᠮᠵᠢᠭᠤᠯᠵᠤ᠂ ᠠᠮᠠᠷᠠᠯᠲᠠ ᠶᠢᠨ ᠬᠤᠭᠤᠴᠠᠭᠠᠨ ᠳᠤ ᠬᠢ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号