ᠡᠵᠡᠨ᠎ᠡ ᠬᠤᠰᠢᠭᠤᠨ ᠤ ᠡᠯ᠎ᠡ ᠦᠵᠡᠮᠵᠢ ᠶᠢᠨ ᠣᠷᠣᠨ ᠵᠣᠴᠢᠳ ᠢ ᠤᠭᠲᠤᠬᠤ ᠪᠠᠷ ᠪᠦᠬᠦ ᠬᠦᠴᠦᠨ ᠢᠶᠠᠷ  ᠢᠶᠠᠨ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2021/9/18
     ᠨᠠᠶᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠠᠮᠠᠷᠠᠯᠲᠠ ᠶᠢᠨ ᠡᠳᠦᠷ ᠤᠨ ᠭᠥᠯᠢᠶᠡᠨ ᠵᠣᠴᠢᠯᠠᠬᠤ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠣ ᠰᠢᠨ᠎ᠡ ᠳᠦᠷᠰᠦ ᠪᠠᠶᠢᠳᠠᠯ᠂ ᠠᠷᠢᠭᠤᠨ ᠴᠡᠪᠡᠷ ᠣᠷᠴᠢᠨ ᠲᠣᠭᠤᠷᠢᠨ᠂ ᠰᠢᠯᠢᠳᠡᠭ ᠦᠶᠯᠡᠴᠢᠯᠡᠭᠡ ᠪᠠᠷ ᠥᠷᠭᠡᠨ ᠣᠯᠠᠨ ᠲᠦᠮᠡᠨ ᠪᠠ ᠵᠢᠭᠤᠯᠴᠢᠯᠠᠭᠴᠢᠳ ᠢ ᠤᠭᠲᠤᠬᠤ  ᠶᠢᠨ ᠲᠥᠯᠥᠭᠡ ᠡᠵᠡᠨ᠎ᠡ ᠬᠤᠰᠢᠭᠤᠨ ᠤ ᠡᠯ᠎ᠡ ᠵᠢᠭᠤᠯᠴᠢᠯᠠᠯ  ᠤᠨ ᠦᠵᠡᠮᠵᠢ ᠶᠢᠨ ᠣᠷᠣᠨ ᠡᠷᠲᠡ ᠠᠴᠠ ᠪᠡᠯᠡᠳᠬᠡᠯ ᠬᠢᠵᠦ᠂ ᠵᠢᠭᠤᠯᠴᠢᠯᠠᠯ ᠤᠨ ᠬᠦᠯᠢᠶᠡᠨ ᠠᠪᠬᠤ ᠦᠶᠯᠡᠴᠢᠯᠡᠭᠡᠨ  ᠤ ᠡᠯ᠎ᠡ ᠵᠦᠶᠯ ᠤᠨ ᠠᠵᠢᠯ ᠢ ᠡᠷᠲᠡᠬᠡᠨ ᠲᠣᠬᠢᠷᠠᠭᠤᠯᠵᠤ ᠢᠳᠡᠪᠬᠢᠲᠡᠶ ᠰᠠᠶᠢᠲᠤᠷ ᠬᠢᠵᠦ ᠪᠠᠶᠢᠨ᠎ᠠ᠃       ᠳᠤᠤᠷᠠᠢ ᠶᠢᠨ ᠤᠢ ᠶᠢᠨ ᠦᠵᠡᠮᠵᠢ ᠶᠢᠨ ᠣᠷᠣᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠰᠠᠶᠢᠲᠤᠷ ᠠᠳᠬᠤᠬᠤ ᠶᠢᠨ ᠬᠠᠮᠲᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠪᠡᠶ᠎ᠡ ᠶᠢᠨ ᠳᠤᠯᠠᠭᠠᠨ ᠢ ᠠᠯᠤᠰ ᠬᠡᠲᠦ ᠶᠢᠨ ᠤᠯᠠᠭᠠᠨ ᠤ ᠭᠠᠳᠠᠨᠠᠬᠢ ᠵᠢᠰᠦᠯᠡᠬᠦ ᠮᠡᠷᠭᠡᠵᠢᠯ ᠢᠶᠠᠷ ᠬᠡᠮᠵᠢᠬᠦ ᠲᠥᠬᠦᠭᠡᠷᠦᠮᠵᠢ ᠵᠡᠷᠭᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠪᠠ  ᠃ ᠡᠭᠦᠨ ᠤ ᠬᠠᠮᠲᠤ ᠡᠯ᠎ᠡ ᠴᠡᠭ᠂ ᠡᠯ᠎ᠡ ᠡᠭᠦᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠲᠤᠬᠢᠷᠠᠭᠤᠯᠵᠤ ᠭᠡᠨᠡᠳᠲᠡ ᠶᠢᠨ ᠬᠡᠷᠡᠭ ᠢ ᠴᠠᠭ ᠲᠤᠬᠠᠢ ᠲᠤ ᠨᠢ ᠰᠢᠢᠳᠪᠦᠷᠢᠯᠡᠬᠦ ᠪᠠᠷ ᠪᠡᠯᠡᠳᠬᠡᠪᠡ᠃ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠣᠷᠭᠢᠯ ᠤᠨ ᠬᠤᠭᠤᠴᠠᠭᠠᠨ ᠤ ᠭᠡᠨᠡᠳᠲᠡ ᠶᠢᠨ ᠪᠠᠶᠢᠳᠠᠯ  ᠢ ᠠᠷᠭᠠᠴᠠᠬᠤ ᠤᠷᠢᠳᠴᠢᠯᠠᠭᠰᠠᠨ ᠲᠥᠰᠦᠯ᠂ ᠠᠶᠤᠯ ᠦᠭᠡᠢ ᠦᠶᠯᠡᠳᠪᠦᠷᠢᠯᠡᠯ ᠤᠨ ᠲᠥᠰᠦᠯ ᠵᠡᠷᠭᠡ ᠶᠢ ᠨᠡᠶᠢᠲᠡᠯᠡᠪᠡ  ᠃      ᠡᠯᠡᠰᠦᠨ ᠴᠥᠯ ᠤᠨ ᠲᠣᠤᠷᠠᠶ ᠶᠢᠨ ᠣᠶ ᠶᠢᠨ ᠦᠵᠡᠮᠵᠢ ᠶᠢᠨ ᠣᠷᠣᠨ ᠨᠢ ᠦᠵᠡᠮᠵᠢ ᠶᠢᠨ ᠣᠷᠣᠨ ᠤ ᠵᠠᠮᠴᠢᠯᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠦᠵᠡᠮᠵᠢ ᠶᠢᠨ ᠭᠠᠵᠠᠷ ᠤᠨ ᠦᠵᠡᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ   ᠪᠠᠨ ᠲᠠᠯᠪᠢᠵᠤ᠂ ᠵᠠᠮ ᠱᠤᠭᠤᠮ ᠢ ᠳᠠᠬᠢᠨ ᠰᠢᠨ᠎ᠡ ᠪᠠᠷ ᠲᠥᠯᠥᠪᠵᠢᠭᠦᠯᠵᠦ᠂ ᠪᠠᠶᠢᠷᠢᠯᠠᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠠᠶ᠃ ᠦᠵᠡᠮᠵᠢ ᠶᠢᠨ ᠣᠷᠣᠨ ᠤ ᠲᠣᠨᠤᠭ ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠡᠯᠡᠰᠦᠨ ᠴᠥᠯ ᠤᠨ ᠲᠣᠤᠷᠠᠶ ᠶᠢᠨ ᠣᠶ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠦᠶᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠬᠦᠯᠪᠡ᠃ ᠵᠢᠱᠢᠶᠡᠯᠡᠪᠡᠯ᠂ ᠦᠵᠡᠮᠵᠢ ᠶᠢᠨ ᠣᠷᠣᠨ ᠤ ᠵᠠᠮ ᠬᠠᠷᠢᠯᠴᠠᠭᠠᠨ  ᠤ ᠱᠤᠭᠤᠮ ᠳᠡᠭᠡᠷ᠎ᠡ ᠲᠡᠮᠡᠭᠡᠨ ᠲᠡᠷᠭᠡ᠂ ᠰᠦᠯᠵᠢᠶᠡᠨ ᠤ ᠤᠳᠤ ᠪᠤᠯᠬᠤ ᠲᠷᠠᠺᠲ᠋ᠣᠷ᠂ ᠡᠯᠡᠰᠦᠨ ᠴᠥᠯ ᠤᠨ ᠳᠠᠪᠠᠯᠭᠠᠨ ᠥᠭᠰᠥᠬᠦ ᠣᠩᠭᠤᠴᠠ ᠵᠡᠷᠭᠡ ᠶᠢ ᠪᠠᠭᠲᠠᠭᠠᠭᠰᠠᠨ ᠨᠢᠭᠡ ᠪᠦᠯᠦᠭ ᠥᠪᠡᠷᠮᠢᠴᠡ ᠣᠨᠴᠠᠯᠢᠭ ᠲᠠᠢ ᠠᠭᠤᠯᠭ᠎ᠠ ᠶᠢ ᠨᠡᠮᠡᠵᠦ᠂ ᠡᠯᠡᠰᠦᠨ ᠴᠥᠯ ᠤᠨ ᠲᠣᠤᠷᠠᠶ ᠶᠢᠨ ᠦᠵᠡᠮᠵᠢ ᠶᠢᠨ ᠣᠷᠣᠨ ᠤ ᠬᠠᠮᠤᠭ ᠤᠨ ᠭᠤᠶᠣ ᠵᠠᠮ ᠳᠡᠭᠡᠷ᠎ᠡ ᠵᠠᠳᠠᠭᠠᠶ ᠲᠡᠷᠭᠡ ᠲᠣᠬᠢᠷᠠᠭᠤᠯᠵᠤ᠂ ᠦᠳᠡᠰᠢ ᠶᠢᠨ ᠲᠣᠤᠷᠠᠶ ᠶᠢᠨ ᠵᠢᠭᠤᠯᠴᠢᠯᠠᠯ  ᠢ ᠲᠦᠷᠦᠬᠦᠦ ᠵᠢᠯ ᠤᠨ ᠰᠠᠭᠤᠷᠢᠨ ᠳᠡᠭᠡᠷ᠎ᠡ ᠰᠢᠨᠡᠳᠬᠡᠵᠦ ᠲᠠᠰ ᠳᠡᠪᠰᠢᠭᠦᠯᠪᠡ  ᠃      ᠬᠠᠷ᠎ᠠ ᠬᠤᠲᠠ ᠶᠢᠨ ᠷᠦᠸᠧ ᠱᠦᠢ ᠲᠣᠤᠷᠠᠶ ᠶᠢᠨ ᠦᠵᠡᠮᠵᠢ ᠶᠢᠨ ᠣᠷᠣᠨ ᠡᠨᠡ ᠵᠢᠯ ᠬᠠᠷ᠎ᠠ ᠬᠤᠲᠠ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠥᠷᠥᠯ ᠵᠦᠶᠯ ᠢ ᠦᠷᠭᠦᠯᠵᠢᠯᠡᠨ ᠬᠡᠷᠡᠭᠵᠢᠭᠦᠯᠵᠦ 500 ᠲᠠᠰᠤᠯᠭ᠎ᠠ ᠬᠤᠨᠤᠭ ᠤᠨ ᠥᠷᠥᠭᠡ ᠶᠢ ᠰᠢᠨ᠎ᠡ ᠪᠠᠷ ᠪᠠᠶᠢᠭᠤᠯᠪᠠ᠃ ᠣᠳᠣᠬᠠᠨ ᠳᠤ ᠶᠠᠭ ᠳᠣᠲᠣᠭᠠᠳᠤ ᠲᠥᠬᠦᠭᠡᠷᠦᠮᠵᠢ  ᠪᠠᠨ ᠤᠭᠰᠠᠷᠠᠨ ᠪᠠᠶᠢᠷᠢᠯᠠᠭᠤᠯᠵᠤ ᠪᠠᠶᠢᠨ᠎ᠠ᠂ 9 ᠳ᠋ᠤᠭᠡᠷ ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ  ᠦᠵᠡᠮᠵᠢ ᠶᠢᠨ ᠣᠷᠣᠨ ᠳᠤ ᠬᠢ ᠵᠢᠭᠤᠯᠴᠢᠯᠠᠭᠴᠢᠳ ᠤᠨ ᠬᠤᠨᠤᠭ ᠤᠨ ᠠᠰᠠᠭᠤᠳᠠᠯ ᠢ ᠰᠢᠶᠳᠪᠦᠷᠢᠯᠡᠵᠦ᠂ ᠪᠥᠬᠦ ᠤᠯᠤᠰ ᠤᠨ  ᠵᠢᠭᠤᠯᠴᠢᠯᠠᠭᠴᠢᠳ ᠲᠤ ᠣᠷᠣᠨ ᠨᠤᠲᠤᠭ ᠤᠨ ᠣᠨᠴᠠᠯᠢᠭ ᠲᠠᠢ᠂ ᠲᠥᠬᠦᠮ ᠳᠦᠳᠡ ᠬᠤᠨᠤᠭ ᠤᠨ ᠣᠷᠴᠢᠨ ᠢ ᠬᠠᠩᠭᠠᠬᠤ ᠪᠣᠯᠤᠨ᠎ᠠ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号