ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠮᠠᠭᠤ ᠦᠢᠯᠡ ᠠᠵᠢᠯᠯᠠᠭ᠎ᠠ ᠳᠤ ᠬᠤᠯᠪᠣᠭᠳᠠᠭᠰᠠᠨ ᠤᠷᠠᠯᠢᠭᠴᠢᠳ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠣᠶᠣᠯ ᠤᠨ ᠠᠵᠢᠯᠯᠠᠭ᠎ᠠ ᠪᠠ ᠪᠦᠲᠦᠭᠡᠭᠳᠡᠭᠦᠨ ᠢ ᠪᠠᠶᠢᠴᠠᠭᠠᠨ ᠰᠢᠶᠳᠪᠦᠷᠢᠯᠡᠬᠦ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/18
     ᠮᠠᠭᠤ ᠦᠢᠯᠡ ᠠᠵᠢᠯᠯᠠᠭ᠎ᠠ ᠲᠠᠢ ᠬᠤᠯᠪᠤᠭᠳᠠᠭᠰᠠᠨ ᠤᠷᠠᠯᠢᠭᠴᠢᠳ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠣᠶᠣᠯ ᠤᠨ ᠠᠵᠢᠯᠯᠠᠭ᠎ᠠ ᠪᠠ ᠪᠦᠲᠦᠭᠡᠭᠳᠡᠭᠦᠨ ᠢ ᠪᠠᠶᠢᠴᠠᠭᠠᠨ ᠰᠢᠶᠳᠪᠦᠷᠢᠯᠡᠬᠦ ᠠᠵᠢᠯ ᠢ ᠥᠷᠨᠢᠭᠦᠯᠬᠦ ᠲᠤᠬᠠᠶ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠳᠡᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ 《 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠭᠤᠯᠭ᠎ᠠ ᠶᠢ ᠬᠢᠨᠠᠨ ᠬᠠᠷᠭᠤᠭᠤᠯᠬᠤ ᠠᠵᠢᠯ ᠤᠨ ᠵᠢᠯᠣᠭᠤᠳᠤᠮᠵᠢ ( 2021 ᠣᠨ ᠤ ᠬᠡᠪᠯᠡᠯ ) 》 ᠶᠣᠰᠣᠭᠠᠷ᠂ ᠮᠠᠭᠤ ᠦᠢᠯᠡ ᠠᠵᠢᠯᠯᠠᠭ᠎ᠠ ᠲᠠᠢ ᠬᠤᠯᠪᠤᠭᠳᠠᠭᠰᠠᠨ ᠤᠷᠠᠯᠢᠭᠴᠢᠳ ᠢ ᠰᠢᠢᠳᠬᠡᠬᠦ ᠶᠢ ᠴᠢᠩᠭᠠᠳᠬᠠᠨ᠂ ᠮᠠᠭᠤ ᠦᠢᠯᠡ ᠠᠵᠢᠯᠯᠠᠭ᠎ᠠ ᠲᠠᠢ ᠬᠤᠯᠪᠤᠭᠳᠠᠭᠰᠠᠨ ᠤᠷᠠᠯᠢᠭᠴᠢᠳ ᠢ ᠵᠢᠭᠰᠠᠭᠠᠯ ᠤᠨ ᠭᠠᠵᠠᠷ ᠰᠢᠯᠵᠢᠨ ᠠᠵᠢᠯ ᠢᠶᠠᠨ ᠰᠡᠷᠭᠦᠭᠡᠬᠦ ᠶᠢ ᠴᠠᠭᠠᠵᠠᠯᠠᠵᠤ᠂ ᠢᠳᠡᠪᠬᠢᠲᠡᠶ ᠥᠭᠡᠳᠡᠯᠡᠨ ᠳᠠᠪᠰᠢᠬᠤ᠂ ᠲᠥᠪ ᠴᠢᠬᠡᠴᠢ ᠤᠳᠬ᠎ᠠ ᠤᠷᠠᠯᠢᠭ ᠤᠨ ᠣᠷᠣᠨ ᠵᠠᠶ ᠶᠢ ᠪᠤᠢ ᠪᠤᠯᠭᠠᠬᠤ ᠶᠢᠨ ᠲᠤᠰᠠᠲᠠ᠂ ᠤᠯᠠᠭᠠᠨᠴᠠᠪ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠨᠢᠭᠡᠳᠦᠯᠲᠡᠶ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠬᠤᠰᠢᠭᠤᠨ ᠤ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠲᠤ ᠰᠥᠨᠢ ᠶᠢᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ  ᠃      9 ᠳ᠋ᠦ᠋ᠭᠡᠷ ᠰᠠᠷ᠎ᠠ ᠶᠢᠨ 14 ᠤ ᠣᠷᠣᠶ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠬᠡᠷᠡᠭᠵᠢᠭᠦᠯᠬᠦ ᠠᠵᠢᠯᠲᠠᠳ ᠪᠥᠬᠦ ᠬᠤᠰᠢᠭᠤᠨ ᠤ ᠡᠯ᠎ᠡ ᠵᠤᠭ᠎ᠠ ᠴᠡᠩᠭᠡᠯ ᠤᠨ ᠲᠠᠯᠠᠪᠤᠷ ᠲᠤ ᠲᠤᠰᠬᠠᠶ ᠪᠠᠶᠢᠴᠠᠭᠠᠯᠲᠠ ᠦᠷᠨᠢᠭᠦᠯᠪᠡ᠃ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ 12 ᠵᠤᠭ᠎ᠠ ᠴᠡᠩᠭᠡᠯ ᠤᠨ ᠲᠠᠯᠠᠪᠤᠷ ᠭᠠᠵᠠᠷ ᠢ ᠪᠠᠶᠢᠴᠠᠭᠠᠵᠤ᠂ 6 ᠬᠠᠤᠯᠢ ᠬᠡᠷᠡᠭᠵᠢᠭᠦᠯᠬᠦ ᠠᠵᠢᠯᠲᠠᠨ᠂ 2 ᠬᠠᠤᠯᠢ ᠬᠡᠷᠡᠭᠵᠢᠭᠦᠯᠬᠦ ᠲᠡᠷᠭᠡ ᠬᠦᠲᠡᠯᠭᠡᠵᠦ᠂ KTV  ᠶᠢᠨ ᠳᠠᠭᠤᠤ ᠵᠠᠬᠢᠶᠠᠯᠠᠬᠤ ᠰᠢᠰᠲ᠋ᠧᠮ ᠳᠤ ᠮᠠᠭᠤ ᠦᠢᠯᠡ ᠠᠵᠢᠯᠯᠠᠭ᠎ᠠ ᠲᠠᠢ ᠬᠤᠯᠪᠤᠭᠳᠠᠭᠰᠠᠨ ᠤᠷᠠᠯᠢᠭᠴᠢᠳ ᠤᠨ ᠬᠠᠮᠢᠶ᠎ᠠ ᠪᠦᠬᠦᠢ ᠰᠤᠶᠤᠯ ᠤᠨ ᠪᠦᠲᠦᠭᠡᠭᠳᠡᠭᠦᠨ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠮᠠᠭᠤ ᠦᠢᠯᠡ ᠠᠵᠢᠯᠯᠠᠭ᠎ᠠ ᠳᠤ ᠬᠤᠯᠪᠣᠭᠳᠠᠭᠰᠠᠨ ᠤᠷᠠᠯᠢᠭᠴᠢᠳ   ᠤᠨ ᠰᠣᠶᠣᠯ ᠤᠨ ᠪᠦᠲᠦᠭᠡᠭᠳᠡᠬᠦᠨ ᠢ KTV ᠳᠠᠭᠤᠤ ᠵᠠᠬᠢᠶᠠᠯᠠᠬᠤ ᠰᠢᠰᠲ᠋ᠧᠮ ᠠᠴᠠ ᠲᠤᠶᠢᠯᠪᠤᠷᠢᠲᠠᠶ ᠠᠷᠢᠯᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠨ ᠰᠦᠯᠵᠢᠶᠡᠨ ᠳᠡᠭᠡᠷ᠎ᠡ ᠤᠶᠢᠷ᠎ᠠ ᠶᠢᠨ ᠬᠤᠭᠤᠴᠠᠭᠠᠨ ᠤ ᠵᠠᠭᠤᠴᠢᠯᠠᠭᠤᠷ ᠤᠨ ᠢᠯᠡᠴᠢᠯᠡᠭᠰᠡᠨ‌ᠮᠠᠭᠤ ᠦᠢᠯᠡ ᠠᠵᠢᠯᠯᠠᠭ᠎ᠠ ᠳᠤ ᠬᠤᠯᠪᠣᠭᠳᠠᠭᠰᠠᠨ ᠤᠷᠠᠯᠢᠭᠴᠢᠨ ᠪᠠ ᠲᠡᠭᠦᠨ ᠤ ᠪᠦᠲᠦᠭᠡᠯ ᠤᠨ ᠠᠭᠤᠯᠭ᠎ᠠ ᠶᠢ ᠤᠷᠢᠳ ᠢᠶᠠᠷ ᠴᠤᠭᠯᠠᠭᠤᠯᠵᠤ᠂ ᠬᠦᠷᠦᠭᠰᠡᠨ ᠭᠠᠵᠠᠷ ᠪᠣᠯᠭᠠᠨ ᠳᠤ ᠨᠡᠷᠡᠰ ᠢ ᠬᠠᠷᠢᠴᠠᠭᠤᠯᠤᠨ ᠨᠢᠭᠡᠳ ᠨᠢᠭᠡ ᠪᠠᠷ ᠪᠠᠶᠢᠴᠠᠭᠠᠨ ᠯᠠᠪᠯᠠᠪᠠ  ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠨᠢ᠂ ᠡᠯ᠎ᠡ ᠵᠤᠭ᠎ᠠ ᠴᠡᠩᠭᠡᠯ  ᠤᠨ ᠲᠠᠯᠠᠪᠤᠷ ᠲᠤ ᠴᠥᠮ ᠠᠳᠠᠯᠢ ᠪᠤᠰᠤ ᠮᠠᠭᠤ ᠦᠢᠯᠡ ᠠᠵᠢᠯᠯᠠᠭ᠎ᠠ ᠳᠤ ᠬᠤᠯᠪᠣᠭᠳᠠᠭᠰᠠᠨ ᠤᠷᠠᠯᠢᠭᠴᠢᠳ   ᠤᠨ ᠰᠣᠶᠣᠯ ᠤᠨ ᠪᠦᠲᠦᠭᠡᠭᠳᠡᠬᠦᠨ ᠣᠷᠣᠰᠢᠵᠤ᠂ ᠬᠠᠤᠯᠢ ᠬᠡᠷᠡᠭᠵᠢᠭᠦᠯᠦᠭᠴᠢ ᠠᠴᠠ ᠡᠵᠡᠩᠨᠡᠭᠴᠢ ᠶᠢ ᠭᠤᠷᠪᠠᠨ ᠡᠳᠦᠷ ᠤᠨ ᠳᠣᠲᠣᠷ᠎ᠠ ᠡᠷᠬᠡᠪᠰᠢ ᠮᠠᠭᠤ ᠦᠢᠯᠡ ᠠᠵᠢᠯᠯᠠᠭ᠎ᠠ ᠳᠤ ᠬᠤᠯᠪᠣᠭᠳᠠᠭᠰᠠᠨ ᠤᠷᠠᠯᠢᠭᠴᠢᠳ ᠤᠨ  ᠪᠦᠲᠦᠭᠡᠭᠳᠡᠭᠦᠨ ᠢ  ᠬᠤᠳᠠᠯᠳᠤᠬᠤ ᠪᠠᠨ ᠪᠤᠯᠢᠵᠤ ᠰᠢᠶᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ  ᠃ ᠡᠯ᠎ᠡ ᠡᠵᠡᠩᠨᠡᠯᠲᠡ ᠶᠢᠨ ᠲᠠᠯᠠᠪᠤᠷ ᠤᠨ ᠬᠠᠷᠢᠭᠤᠴᠠᠯᠭᠠᠲᠠᠨ᠂ ᠰᠣᠶᠣᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠲᠣᠰ ᠤᠳᠠᠭᠠᠨ ᠤ ᠲᠤᠰᠬᠠᠶ ᠠᠵᠢᠯ ᠢ ᠰᠠᠶᠢᠲᠤᠷ ᠪᠡᠶᠡᠯᠡᠭᠦᠯᠵᠦ᠂ ᠳᠠᠷᠤᠶ ᠲᠦᠷᠭᠡᠨ ᠰᠢᠰᠲ᠋ᠧᠮ ᠤᠭᠰᠠᠷᠠᠬᠤ ᠮᠡᠷᠭᠡᠵᠢᠯᠲᠡᠨ  ᠢ ᠵᠣᠬᠢᠴᠠᠭᠤᠯᠵᠤ ᠬᠠᠰᠤᠵᠤ ᠬᠠᠶᠠᠨ᠎ᠠ ᠭᠡᠵᠦ ᠢᠯᠡᠷᠬᠡᠶᠢᠯᠡᠪᠡ᠃ ᠡᠭᠦᠨ ᠤ ᠬᠠᠮᠲᠤ᠂ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠦᠭᠴᠢ ᠠᠴᠠ ᠡᠵᠡᠩᠨᠡᠯᠲᠡ ᠶᠢᠨ ᠡᠵᠡᠨ ᠪᠠ ᠠᠵᠢᠯᠴᠢᠳ ᠲᠤ ᠮᠠᠭᠤ ᠦᠶᠯᠡ ᠠᠵᠢᠯᠯᠠᠭ᠎ᠠ ᠲᠠᠢ ᠤᠷᠠᠯᠢᠭᠴᠢᠳ ᠤᠨ ᠨᠡᠶᠢᠭᠡᠮ ᠳᠤ ᠦᠵᠡᠭᠦᠯᠦᠭᠰᠡᠨ ᠮᠠᠭᠤ ᠨᠥᠯᠥᠭᠡ ᠶᠢ ᠤᠬᠠᠭᠤᠯᠵᠤ᠂  ᠨᠡᠶᠢᠲᠡ ᠳᠤ ᠲᠠᠨᠢᠭᠳᠠᠭᠰᠠᠨ ᠬᠦᠮᠦᠨ ᠪᠣᠯᠤᠭᠰᠠᠨ ᠤ ᠬᠤᠪᠢ ᠳᠤ ᠢᠳᠡᠪᠬᠢ ᠬᠦᠴᠦᠨ ᠢ ᠤᠯᠠᠮᠵᠢᠯᠠᠪᠠᠯ ᠵᠣᠬᠢᠨ᠎ᠠ᠂ ᠬᠠᠷᠢᠨ ᠬᠠᠤᠯᠢ ᠶᠢ ᠵᠥᠷᠢᠴᠡᠨ ᠮᠣᠷᠠᠯ ᠢᠶᠠᠨ ᠠᠯᠳᠠᠵᠤ᠂ ᠤᠯᠤᠰ ᠪᠠ ᠦᠨᠳᠦᠰᠦᠲᠡᠨ ᠤ ᠳᠦᠷᠢ ᠲᠥᠷᠬᠦ ᠶᠢ ᠬᠤᠬᠢᠷᠠᠭᠤᠯᠬᠤ ᠪᠢᠰᠢ  ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠢᠳᠡᠪᠬᠢ ᠬᠦᠴᠦᠨ ᠢᠶᠠᠷ ᠪᠢᠯᠬᠠᠮ᠎ᠠ ᠰᠣᠶᠣᠯ ᠤᠨ ᠣᠷᠣᠨ ᠵᠠᠢ  ᠶᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ  ᠃      ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ  ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠤᠳᠠᠭᠠᠨ  ᠤ ᠲᠤᠰᠬᠠᠶ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠠᠵᠢᠯ ᠲᠥᠷᠥᠯ ᠤᠨ ᠰᠠᠮᠠᠭᠤᠨ ᠪᠠᠶᠢᠳᠠᠯ ᠪᠠ ᠤᠯᠤᠰ ᠤᠨ ᠳᠦᠷᠢ ᠲᠥᠷᠬᠦ ᠶᠢ ᠬᠤᠬᠢᠷᠠᠭᠤᠯᠬᠤ ᠠᠯᠢᠪᠠ ᠰᠣᠶᠣᠯ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠯᠢᠪᠠ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ  ᠦᠭᠬᠦ ᠶᠢᠨ ᠬᠠᠮᠲᠤ᠂ ᠲᠤᠰᠬᠠᠶ ᠠᠵᠢᠯᠯᠠᠭ᠎ᠠ ᠶᠢ ᠣᠯᠠᠨ ᠤᠳᠠᠭ᠎ᠠ ᠡᠷᠬᠢᠨ ᠬᠠᠷᠠᠵᠤ᠂ ᠤᠬᠠᠭᠤᠯᠭ᠎ᠠ ᠶᠢᠨ ᠠᠵᠢᠯ ᠢ ᠪᠣᠳᠠᠲᠠᠶ ᠰᠠᠶᠢᠲᠤᠷ ᠬᠢᠵᠦ᠂ ᠰᠠᠶᠢᠨ ᠰᠠᠶᠢᠬᠠᠨ ᠠᠵᠢᠯ ᠲᠥᠷᠥᠯ ᠤᠨ ᠬᠡᠪ ᠰᠤᠷᠲᠠᠯ ᠢ ᠪᠣᠶ ᠪᠣᠯᠭᠠᠵᠤ᠂ ᠵᠤᠭ᠎ᠠ ᠴᠡᠩᠭᠡᠯ ᠤᠨ ᠠᠵᠢᠯ ᠲᠥᠷᠥᠯ ᠤᠨ ᠬᠦᠷᠢᠶᠡᠨ ᠤ ᠡᠷᠡᠭᠦᠯ ᠪᠥᠭᠡᠳ ᠡᠮᠬᠢ ᠵᠢᠷᠤᠮ  ᠲᠠᠢ ᠪᠠᠷ ᠬᠥᠭᠵᠢᠬᠦ ᠶᠢ ᠪᠥᠬᠦ ᠲᠠᠯ᠎ᠠ ᠪᠠᠷ ᠬᠠᠮᠠᠭᠠᠯᠠᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号