ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠮᠠᠨᠵᠤᠤᠷ ᠬᠤᠲᠠ  ᠳᠤ ᠬᠦᠷᠴᠦ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/22
   ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠢ ᠰᠢᠮᠳᠠᠭᠤᠯᠤᠨ ᠪᠠᠶᠢᠴᠠᠭᠠᠬᠤ᠂ ᠪᠠᠶᠢᠴᠠᠭᠠᠬᠤ ᠪᠠ ᠬᠡᠷᠡᠭ ᠤᠨ ᠳᠤᠮᠳᠠᠬᠢ ᠪᠤᠯᠤᠨ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠢ ᠰᠢᠮᠳᠠᠭᠤᠯᠤᠨ ᠪᠠᠶᠢᠴᠠᠭᠠᠬᠤ ᠭᠠᠵᠠᠷ ᠤᠨ ᠠᠵᠢᠯᠲᠠᠳ 9 ᠳ᠋ᠦ᠋ᠭᠡᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠮᠠᠨᠵᠤᠤᠷ ᠬᠤᠲᠠ ᠳᠤ ᠬᠦᠷᠴᠦ ᠵᠠᠯᠠᠶᠢᠨᠠᠭᠤᠷ ᠤᠨ ᠡᠷᠲᠡᠨ ᠤ ᠣᠩᠭᠤᠨ ᠤ ᠰᠦᠷᠦᠭ᠂ ᠮᠥᠭᠦ ᠶᠢᠨ ᠠᠭᠤᠯᠠ ᠶᠢᠨ ᠠᠷᠤ ᠳᠤ  ᠬᠢ ᠪᠠᠭᠤᠷᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠭᠰᠠᠨ ᠤ ᠬᠠᠮᠲᠤ᠂ ᠮᠠᠨᠵᠤᠤᠷ ᠤᠨ ᠲᠡᠮᠦᠷ ᠵᠠᠮ ᠤᠨ ᠡᠮᠨᠡᠯᠭᠡ ᠶᠢᠨ ᠬᠤᠷᠢᠶ᠎ᠠ ᠶᠢᠨ ᠬᠠᠭᠤᠴᠢᠨ ᠪᠠᠭᠤᠷᠢ ᠪᠣᠯᠤᠨ ᠬᠠᠭᠠᠨᠲᠤ ᠣᠷᠣᠰ ᠤᠨ ᠭᠢᠨᠳᠠᠨ ᠤ ᠬᠠᠭᠤᠴᠢᠨ ᠪᠠᠭᠤᠷᠢ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠪᠠᠶᠢᠴᠠᠭᠠᠪᠠ᠃                
    ᠰᠢᠪᠠᠳᠠᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠄ ᠪᠠᠷᠢᠯᠭ᠎ᠠ ᠶᠢᠨ ᠠᠵᠤ ᠠᠬᠤᠶᠢᠯᠠᠯ ᠲᠤᠰᠬᠠᠶ ᠮᠡᠷᠭᠡᠵᠢᠯᠲᠡᠨ ᠤ ᠰᠠᠨᠠᠯ ᠪᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭᠠᠬᠢ ᠲᠥᠰᠦᠯ ᠤᠨ ᠶᠣᠰᠣᠭᠠᠷ ᠠᠵᠢᠯ ᠢᠶᠠᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠮᠴᠢᠲᠡᠨ ᠤ ᠨᠢᠭᠡᠴᠢ ᠪᠠ ᠬᠢᠨᠠᠨ ᠬᠠᠮᠢᠶᠠᠷᠬᠤ ᠠᠵᠢᠯᠲᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠴᠠᠭ ᠢ ᠠᠮᠵᠢᠨ ᠭᠠᠳᠠᠷ ᠲᠠᠯ᠎ᠠ ᠶᠢᠨ ᠢᠵᠢ ᠪᠦᠷᠢᠳᠦᠭᠦᠯᠬᠦ ᠪᠠᠷᠢᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠠᠭᠤᠷ ᠠᠮᠢᠰᠬᠤᠯ ᠤᠨ ᠬᠤᠪᠢᠷᠠᠯᠲᠠ ᠠᠴᠠ ᠪᠣᠯᠵᠤ ᠪᠠᠷᠢᠯᠭ᠎ᠠ ᠶᠢᠨ ᠠᠬᠢᠴᠠ ᠶᠢ ᠨᠥᠯᠥᠭᠡᠯᠡᠬᠦ ᠠᠴᠠ ᠵᠠᠶᠢᠯᠠᠰᠬᠢᠵᠦ᠂ ᠪᠠᠷᠢᠯᠭ᠎ᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃     ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠄ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠪᠥᠬᠦᠶ ᠬᠥᠮᠦᠰ ᠤᠨ ᠢᠶᠠᠨ ᠭᠠᠯ ᠤᠨᠲᠠᠷᠠᠭᠠᠬᠤ ᠮᠡᠳᠡᠯᠭᠡ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠳᠤ ᠡᠳᠦᠷ ᠪᠦᠷᠢ ᠲᠣᠭᠤᠷᠢᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ  ᠳᠤ ᠰᠠᠷ᠎ᠠ ᠪᠦᠷᠢ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠤᠯᠠᠷᠢᠯ ᠪᠦᠷᠢ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠥᠬᠦ ᠬᠥᠮᠦᠰ ᠣᠷᠣᠯᠴᠠᠵᠤ᠂ ᠬᠥᠮᠦᠨ ᠪᠦᠬᠦᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠲᠠᠨ ᠪᠣᠯᠬᠤ ᠬᠡᠷᠡᠭᠲᠡᠶ᠃ ᠡᠳᠦᠷ ᠲᠤᠲᠤᠮ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠢ ᠪᠠᠶᠢᠩᠭᠤᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号