| | 9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ | ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ | | 9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ | ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢᠤ ᠪᠢᠨ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ | ᠶᠢᠨ ᠫᠢᠩ 17 ᠤ ᠦᠳᠡ ᠶᠢᠨ ᠬᠤᠶᠢᠨ᠎ᠠ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ | ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠤᠵᠢᠷ᠎ᠠ ᠶᠢᠨ ᠬᠤᠭᠤᠴᠠᠭᠠᠨ ᠳᠤ ᠠᠹᠭᠠᠨᠢᠰᠲ᠋ᠠᠨ ᠤ ᠪᠠᠶᠢᠳᠠᠯ ᠳᠤ ᠦᠨᠳᠦᠰᠦᠨ ᠴᠢᠨᠠᠷᠲᠠᠢ | ᠬᠤᠪᠢᠷᠠᠯᠲᠠ ᠭᠠᠷᠴᠤ᠂ ᠳᠡᠯᠡᠬᠡᠢ ᠶᠢᠨ ᠪᠠᠶᠢᠳᠠᠯ᠂ ᠭᠠᠵᠠᠷ ᠣᠷᠣᠨ ᠤ ᠪᠠᠶᠢᠷᠢᠰᠢᠯ ᠪᠣᠯᠤᠨ ᠠᠮᠤᠷ ᠲᠦᠪᠰᠢᠨ ᠲᠣᠭᠲᠠᠭᠤᠨ ᠳᠤ | ᠴᠢᠬᠤᠯᠠ ᠨᠥᠯᠥᠭᠡ ᠦᠵᠡᠭᠦᠯᠵᠦ ᠪᠠᠶᠢᠨ᠎ᠠ᠃ ᠣᠳᠣᠬᠠᠨ ᠳᠤ᠂ ᠠᠹᠭᠠᠨᠢᠰᠲ᠋ᠠᠨ ᠳᠤ ᠴᠥᠭᠡᠨ ᠪᠤᠰᠤ ᠬᠦᠴᠢᠷᠳᠡᠯ ᠪᠠ | ᠥᠷᠢᠰᠥᠯᠳᠦᠭᠡᠨ ᠲᠤᠯᠭᠠᠷᠠᠵᠤ᠂ ᠬᠡᠪ ᠤᠨ ᠡᠮᠬᠢ ᠳᠢᠭᠯᠢᠮ ᠢ ᠲᠠᠷᠤᠢ ᠲᠥᠷᠭᠡᠨ ᠰᠡᠷᠭᠦᠭᠡᠵᠦ᠂ ᠳᠦᠯᠬᠡᠨ ᠰᠢᠯᠵᠢᠯᠳᠡ ᠶᠢ | ᠪᠡᠶᠡᠯᠡᠬᠦᠯᠬᠦ ᠪᠣᠯ ᠠᠹᠭᠠᠨᠢᠰᠲ᠋ᠠᠨ ᠤ ᠪᠦᠬᠦ ᠠᠷᠠᠳ ᠲᠦᠮᠡᠨ ᠤ ᠪᠠᠴᠢᠮ ᠴᠢᠬᠤᠯᠠ ᠶᠠᠪᠤᠳᠠᠯ ᠮᠥᠨ᠂ ᠳᠡᠯᠡᠬᠡᠢ ᠨᠡᠶᠢᠭᠡᠮ ᠪᠠ | ᠭᠠᠵᠠᠷ ᠣᠷᠣᠨ ᠤ ᠤᠯᠤᠰ ᠤᠳ ᠴᠤ ᠡᠭᠦᠨ ᠢ ᠨᠢᠭᠲᠠ ᠠᠩᠬᠠᠷᠬᠤ ᠬᠡᠷᠡᠭᠲᠡᠢ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠪᠠ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠪᠣᠯ | ᠴᠥᠮ ᠠᠹᠭᠠᠨᠢᠰᠲ᠋ᠠᠨ ᠤ ᠬᠥᠷᠰᠢ ᠤᠯᠤᠰ ᠮᠥᠨ᠂ ᠤᠯᠠᠨ ᠢᠶᠠᠷ ᠢᠶᠠᠨ ᠬᠤᠪᠢ ᠵᠠᠶᠠᠭᠠᠨ ᠤ ᠬᠠᠮᠲᠤ ᠴᠣᠭᠴᠠ ᠮᠥᠨ᠂ ᠪᠠᠰᠠ | ᠴᠤ ᠠᠮᠤᠷ ᠲᠦᠪᠰᠢᠨ ᠤ ᠬᠠᠮᠲᠤ ᠴᠣᠭᠴᠠ ᠮᠥᠨ᠃ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠢᠶᠠᠨ ᠬᠠᠮᠲᠤ ᠪᠠᠷ | ᠪᠠᠳᠠᠷᠠᠭᠤᠯᠵᠤ᠂ ᠠᠯᠲᠠ ᠠᠴᠠ ᠴᠤ ᠡᠷᠬᠢᠮ ᠨᠠᠨᠳᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ | ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠢᠭᠡ ᠤᠯᠤᠰ ᠤᠨ ᠤᠴᠢᠷ ᠶᠠᠪᠤᠳᠠᠯ ᠢ ᠲᠤᠰ ᠤᠯᠤᠰ ᠤᠨ ᠠᠷᠠᠳ ᠲᠦᠮᠡᠨ ᠡᠵᠡᠨ ᠮᠡᠳᠡᠵᠥ᠂ | ᠤᠯᠠᠨ ᠤᠯᠤᠰ ᠤᠨ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠨ᠎ᠡ᠃ ᠪᠢᠳᠡ ᠠᠹᠭᠠᠨᠢᠰᠲ᠋ᠠᠨ ᠤ ᠡᠷᠬᠡ | ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠬᠡᠬᠦ ᠤᠷᠢᠲᠠᠯ ᠳᠣᠣᠷ᠎ᠠ᠂ | ︽ᠠᠹᠭᠠᠨᠢᠰᠲ᠋ᠠᠨᠴᠤᠳ ᠭᠤᠣᠯᠯᠠᠨ ᠤᠳᠤᠷᠢᠳᠴᠤ᠂ ᠠᠹᠭᠠᠨᠢᠰᠲ᠋ᠠᠨᠴᠤᠳ ᠡᠵᠡᠨ ᠮᠡᠳᠡᠬᠦ︾ ᠦᠨᠳᠦᠰᠦᠨ ᠵᠠᠷᠴᠢᠮ ᠢ ᠬᠠᠮᠵᠢᠨ | ᠲᠤᠭᠤᠰᠢᠯᠠᠭᠤᠯᠵᠤ᠂ ᠠᠹᠭᠠᠨᠢᠰᠲ᠋ᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠤᠯᠤᠰ ᠣᠷᠣᠨ ᠤ ᠢᠷᠡᠭᠡᠳᠦᠢ | ᠬᠤᠪᠢ ᠵᠠᠶᠠᠭ᠎ᠠ ᠶᠢ ᠨᠢ ᠡᠵᠡᠨ ᠮᠡᠳᠡᠨ ᠡᠵᠡᠮᠰᠢᠭᠦᠯᠬᠦ ᠬᠡᠷᠡᠭᠲᠡᠢ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠨᠢ ᠬᠤᠶᠠᠷ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠥᠪᠡᠷᠮᠢᠴᠡ ᠳᠠᠪᠠᠭᠤᠯᠢᠭ ᠪᠣᠯᠤᠨ ᠲᠤᠰ ᠲᠤᠰ ᠤᠨ ᠢᠶᠠᠨ ᠨᠥᠯᠥᠭᠡ ᠶᠢ | ᠰᠠᠶᠢᠲᠤᠷ ᠪᠠᠳᠠᠷᠠᠭᠤᠯᠵᠤ᠂ ᠠᠹᠭᠠᠨᠢᠰᠲ᠋ᠠᠨ ᠤ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠡᠭᠡ | ᠴᠢᠭᠯᠡᠯ ᠢ ᠪᠠᠷᠢᠮᠲᠠᠯᠠᠵᠤ᠂ ᠠᠹᠭᠠᠨᠢᠰᠲ᠋ᠠᠨ ᠤ ᠰᠠᠮᠠᠭᠤᠷᠠᠯ ᠢ ᠵᠣᠭᠰᠣᠭᠠᠵᠤ ᠲᠤᠬᠳᠠᠭᠤᠨ ᠪᠤᠯᠬᠤ ᠪᠠ ᠡᠩᠬᠡ ᠲᠠᠶᠢᠪᠤᠩ ᠢᠶᠠᠷ | ᠲᠠᠬᠢᠨ ᠪᠠᠶᠢᠭᠤᠯᠬᠤ ᠵᠠᠮ ᠢᠶᠠᠷ ᠵᠠᠮᠨᠠᠬᠤ ᠶᠢ ᠠᠬᠢᠭᠤᠯᠵᠤ᠂ ᠡᠴᠦᠰ ᠲᠡᠭᠡᠨ ᠲᠤᠰ ᠭᠠᠵᠠᠷ ᠣᠷᠣᠨ ᠤ ᠨᠡᠶᠢᠳᠡᠮ ᠤᠨ ᠠᠮᠤᠷ | ᠲᠦᠪᠰᠢᠨ᠂ ᠬᠠᠮᠲᠤ ᠶᠢᠨ ᠠᠮᠤᠷ ᠲᠦᠪᠰᠢᠨ᠂ ᠬᠠᠮᠲᠤᠷᠠᠯᠴᠠᠭᠠᠨ ᠤ ᠠᠮᠤᠷ ᠲᠦᠪᠰᠢᠨ᠂ ᠥᠨᠢ ᠤᠳᠠᠭᠠᠨ ᠤ ᠠᠮᠤᠷ | ᠲᠦᠪᠰᠢᠨ ᠢ ᠪᠡᠶᠡᠯᠡᠭᠦᠯᠦᠶ᠎ᠡ ᠬᠡᠵᠥ ᠴᠢᠬᠤᠯᠠᠴᠢᠯᠠᠪᠠ᠃ | ᠰᠢ ᠶᠢᠨ ᠫᠢᠩ 3 ᠲᠠᠯ᠎ᠠ ᠶᠢᠨ ᠰᠠᠨᠠᠯ ᠰᠠᠨᠠᠭᠤᠯᠭ᠎ᠠ ᠳᠤᠷᠠᠳᠪᠠ᠃ | ᠨᠢᠭᠡᠳᠦᠭᠡᠷ ᠲᠤ᠂ ᠠᠹᠭᠠᠨᠢᠰᠲ᠋ᠠᠨ ᠤ ᠪᠠᠶᠢᠳᠠᠯ ᠤᠨ ᠠᠯᠢ ᠲᠦᠷᠭᠡᠨ ᠢᠶᠠᠷ ᠲᠣᠭᠲᠠᠭᠤᠨ ᠢᠶᠠᠷ ᠰᠢᠯᠵᠢᠬᠦ ᠶᠢ | ᠠᠬᠢᠭᠤᠯᠤᠨ᠎ᠠ᠃ ᠠᠹᠭᠠᠨᠢᠰᠲ᠋ᠠᠨ ᠤ ᠤᠯᠤᠰ ᠤᠨ ᠳᠣᠲᠣᠭᠠᠳᠤ ᠶᠢᠨ ᠡᠯ᠎ᠡ ᠲᠠᠯ᠎ᠠ ᠶᠢᠨ ᠬᠢᠨ ᠤ ᠶᠠᠷᠢᠯᠴᠠᠭ᠎ᠠ ᠵᠥᠪᠳᠡᠯᠴᠡᠭᠡ | ᠬᠢᠬᠦ ᠪᠠᠷ ᠳᠠᠮᠵᠢᠭᠤᠯᠤᠨ ᠡᠷᠲᠡᠬᠡᠨ ᠪᠠᠭᠲᠠᠭᠠᠮᠵᠢᠲᠤ ᠴᠢᠨᠠᠷᠲᠠᠢ ᠤᠯᠤᠰ ᠲᠦᠷᠦ ᠶᠢᠨ ᠲᠤᠬᠢᠷᠠᠭᠤᠯᠤᠯᠲᠠ ᠲᠣᠭᠲᠠᠭᠠᠬᠤ ᠶᠢ | ᠳᠡᠮᠵᠢᠨ᠎ᠠ᠃ ᠠᠹᠭᠠᠨᠢᠰᠲ᠋ᠠᠨ ᠤ ᠬᠢᠯᠢ ᠶᠢᠨ ᠳᠣᠲᠣᠷᠠᠬᠢ ᠰᠦᠷᠳᠡᠭᠦᠯᠦᠯ ᠤᠨ ᠵᠣᠬᠢᠶᠠᠨ ᠪᠠᠶᠢᠭᠤᠯᠤᠯᠲᠠ ᠶᠢᠨ ᠬᠠᠨᠳᠤᠰᠢ ᠶᠢ | ᠦᠷᠭᠦᠯᠵᠢᠯᠡᠨ ᠠᠩᠬᠠᠷᠴᠤ᠂ ᠠᠹᠭᠠᠨᠢᠰᠲ᠋ᠠᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠥ ᠪᠠᠶᠢᠭᠠᠳ ᠡᠷᠡᠰ | ᠴᠣᠬᠢᠯᠲᠠ ᠥᠭᠴᠦ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠠᠷᠭ᠎ᠠ ᠪᠠᠷ ᠲᠦᠢᠯᠪᠤᠷᠢᠲᠠᠢ | ᠠᠷᠢᠯᠭᠠᠵᠤ᠂ ᠠᠹᠭᠠᠨᠢᠰᠲ᠋ᠠᠨ ᠳᠤ ᠪᠠᠶᠢᠭ᠎ᠠ ᠰᠦᠷᠳᠡᠭᠦᠯᠦᠯ ᠤᠨ ᠬᠦᠴᠦᠨ ᠤ ᠤᠯᠠᠨ ᠢ ᠲᠦᠢᠪᠡᠭᠡᠬᠦ ᠶᠢ ᠰᠡᠷᠭᠡᠶᠢᠯᠡᠬᠦ ᠬᠡᠷᠡᠭᠲᠡᠢ᠃ | | ᠬᠤᠶᠠᠳᠤᠭᠠᠷ ᠲᠤ᠂ ᠠᠹᠭᠠᠨᠢᠰᠲ᠋ᠠᠨ ᠲᠠᠢ ᠶᠠᠪᠤᠯᠴᠠᠭ᠎ᠠ ᠶᠠᠷᠢᠯᠴᠠᠭ᠎ᠠ ᠥᠷᠨᠢᠭᠦᠯᠦᠨ᠎ᠡ᠃ ᠣᠶᠤᠨᠴᠢ ᠪᠣᠳᠠᠲᠠᠢ ᠶᠢ | ᠡᠷᠬᠢᠮᠯᠡᠬᠦ ᠡᠭᠦᠳᠡᠨ ᠠᠴᠠ ᠡᠭᠦᠰᠴᠦ᠂ ᠠᠹᠭᠠᠨᠢᠰᠲ᠋ᠠᠨ ᠤ ᠡᠯ᠎ᠡ ᠲᠠᠯ᠎ᠠ ᠶᠢᠨ ᠬᠢᠨ ᠲᠠᠢ ᠬᠤᠷᠰᠢᠯᠴᠠᠭ᠎ᠠ ᠥᠷᠨᠢᠬᠦᠯᠵᠥ᠂ | ᠠᠹᠭᠠᠨᠢᠰᠲ᠋ᠠᠨ ᠤ ᠰᠢᠨ᠎ᠡ ᠵᠠᠰᠠᠭ ᠤᠨ ᠡᠷᠬᠡ ᠶᠢᠨ ᠪᠦᠷᠢᠯᠳᠦᠴᠡ ᠨᠡᠩ ᠨᠡᠭᠡᠭᠡᠯᠲᠡᠲᠡᠢ ᠪᠠᠭᠲᠠᠭᠠᠮᠵᠢᠲᠠᠢ ᠪᠣᠯᠬᠤ ᠶᠢ ᠠᠬᠢᠭᠤᠯᠤᠨ | ᠂ ᠡᠶᠡᠯᠳᠡᠭ ᠲᠣᠭᠲᠠᠭᠤᠨ ᠳᠣᠲᠣᠭᠠᠳᠤ ᠭᠠᠳᠠᠭᠠᠳᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠡᠯᠡᠬᠡᠢ ᠶᠢᠨ ᠡᠯ᠎ᠡ | ᠤᠯᠤᠰ ᠢᠯᠠᠩᠭᠤᠶ᠎ᠠ ᠡᠷᠬᠢᠨ ᠲᠣᠭᠤᠷᠢᠨ ᠤ ᠬᠥᠷᠰᠢ ᠤᠯᠤᠰ ᠯᠤᠭ᠎ᠠ ᠨᠥᠬᠦᠷᠰᠡᠭ ᠢᠶᠠᠷ ᠶᠠᠪᠤᠯᠴᠠᠬᠤ ᠶᠢ ᠬᠦᠳᠦᠯᠦᠨ | ᠵᠢᠯᠤᠭᠤᠳᠤᠨ᠎ᠠ᠃ | ᠭᠤᠷᠪᠠᠳᠤᠭᠠᠷ ᠲᠤ᠂ ᠠᠹᠭᠠᠨᠢᠰᠲ᠋ᠠᠨ ᠤ ᠠᠷᠠᠳ ᠲᠦᠮᠡᠨ ᠢ ᠬᠠᠪᠰᠤᠷᠤᠨ ᠬᠦᠴᠢᠷ ᠢ ᠲᠤᠭᠤᠯᠤᠨ᠎ᠠ᠃ | ᠠᠹᠭᠠᠨᠢᠰᠲ᠋ᠠᠨ ᠳᠤ ᠴᠠᠭ ᠲᠤᠬᠠᠢ ᠳᠤᠨᠢ ᠬᠥᠮᠦᠯᠢᠭ ᠦᠵᠡᠯ ᠪᠠ ᠬᠢᠵᠢᠭ ᠲᠠᠢ ᠲᠡᠮᠡᠴᠡᠬᠦ ᠳᠡᠮᠵᠢᠯᠭᠡ ᠬᠠᠩᠭᠠᠵᠤ᠂ | ᠠᠹᠭᠠᠨᠢᠰᠲ᠋ᠠᠨ ᠤ ᠠᠷᠠᠳ ᠲᠦᠮᠡᠨ ᠤ ᠬᠦᠴᠢᠷ ᠵᠣᠪᠠᠭᠤᠷᠢ ᠶᠢ ᠬᠠᠪᠰᠤᠷᠤᠨ ᠰᠢᠢᠳᠪᠦᠷᠢᠯᠡᠵᠦ ᠥᠭᠬᠦᠨ᠎ᠠ᠃ ᠳᠤᠮᠳᠠᠳᠤ ᠶᠢᠨ | ᠲᠠᠯ᠎ᠠ ᠨᠢᠭᠡᠨᠲᠡ ᠨᠢᠭᠡ ᠪᠦᠯᠦᠭ ᠪᠠᠴᠢᠮ ᠲᠤᠰᠠᠯᠠᠮᠵᠢ ᠶᠢᠨ ᠡᠳ᠋ ᠪᠣᠳᠠᠰ ᠢ ᠲᠦᠷᠭᠡᠨ ᠵᠥᠭᠡᠭᠡᠪᠦᠷᠢᠯᠡᠨ ᠬᠦᠷᠬᠡᠬᠦ ᠪᠠᠷ | ᠨᠡᠶᠢᠲᠡᠯᠡᠭᠰᠡᠨ ᠪᠥᠭᠡᠳ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠨᠡᠩ ᠤᠯᠠᠨ ᠬᠠᠪᠰᠤᠷᠤᠯᠭ᠎ᠠ ᠬᠠᠩᠭᠠᠨ᠎ᠠ᠃ | ᠠᠹᠭᠠᠨᠢᠰᠲ᠋ᠠᠨ ᠤ ᠬᠦᠴᠢᠷᠳᠡᠯᠲᠡᠢ ᠪᠠᠶᠢᠳᠠᠯ ᠢ ᠡᠬᠢᠯᠡᠭᠦᠯᠦᠭᠰᠡᠨ ᠡᠳᠡᠬᠡᠳ ᠪᠣᠯᠤᠭᠰᠠᠨ ᠤ ᠬᠤᠪᠢ ᠳᠤ᠂ ᠵᠠᠷᠢᠮ ᠤᠯᠤᠰ ᠨᠡᠩ | ᠴᠤ ᠥᠩᠭᠡᠷᠡᠭᠰᠡᠨ ᠤ ᠰᠤᠷᠭᠠᠮᠵᠢ ᠪᠠᠨ ᠠᠪᠴᠤ᠂ ᠠᠹᠭᠠᠨᠢᠰᠲ᠋ᠠᠨ ᠤ ᠢᠷᠡᠭᠡᠳᠦᠢ ᠶᠢᠨ ᠬᠥᠭᠵᠢᠯᠲᠡ ᠳᠤ ᠭᠦᠢᠴᠡᠳᠬᠡᠪᠡᠰᠦ | ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠪᠡᠯ ᠵᠣᠬᠢᠨ᠎ᠠ ᠬᠡᠪᠡ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠨᠡᠪᠳᠡᠷᠡᠯᠴᠡᠭᠡ | ᠵᠣᠬᠢᠴᠠᠭᠤᠯᠭ᠎ᠠ᠂ ᠭᠠᠷ ᠬᠤᠯᠪᠣᠨ ᠴᠢᠷᠮᠠᠶᠢᠬᠤ ᠪᠠᠨ ᠴᠢᠩᠭᠠᠳᠬᠠᠵᠤ᠂ ᠠᠹᠭᠠᠨᠢᠰᠲ᠋ᠠᠨ ᠤ ᠠᠷᠠᠳ ᠲᠦᠮᠡᠨ ᠤ ᠭᠡᠭᠡᠨ ᠰᠠᠷᠠᠭᠤᠯ | ᠢᠷᠡᠭᠡᠳᠦᠢ ᠲᠡᠶᠢᠰᠢ ᠤᠷᠤᠭᠰᠢᠯᠠᠬᠤ ᠶᠢ ᠳᠡᠮᠵᠢᠵᠦ᠂ ᠲᠤᠰ ᠭᠠᠵᠠᠷ ᠣᠷᠣᠨ ᠤ ᠥᠨᠢ ᠤᠳᠠᠭᠠᠨ ᠤ ᠡᠩᠬᠡ ᠲᠠᠶᠢᠪᠤᠩ ᠪᠠ | ᠠᠮᠤᠷ ᠲᠣᠭᠲᠠᠭᠤᠨ ᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠦᠷᠦᠭᠦᠴᠦᠳ ᠤᠨ ᠬᠤᠷᠠᠯ ᠢ ᠡᠷᠬᠢᠯᠡᠵᠦ᠂ ᠺᠠᠽᠠᠭᠰᠲ᠋ᠠᠨ ᠤ | ᠶᠡᠷᠦᠩᠬᠡᠶᠢᠯᠡᠭᠴᠢ ᠲᠦᠸᠧᠺᠠᠶᠢᠸ᠋ᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ | ᠢᠮᠦ᠋ᠯᠠᠨ · ᠬᠠᠨ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠢᠸ᠋ᠹ᠂ ᠠᠷᠮᠧᠨᠢᠶ᠎ᠠ ᠶᠢᠨ ᠶᠡᠷᠦᠩᠬᠡᠢ ᠰᠠᠶᠢᠳ ᠫᠠᠱᠨᠢᠶᠠᠩ | ᠂ ᠪᠧᠯᠤᠷᠦᠶᠢᠰᠢᠶᠡ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ ᠬᠤᠷᠠᠯ ᠳᠤ ᠣᠷᠣᠯᠴᠠᠪᠠ᠃ | ᠤᠷᠤᠰ ᠤᠨ ᠶᠡᠷᠦᠩᠬᠡᠶᠢᠯᠡᠭᠴᠢ ᠫᠦᠲ᠋ᠢᠨ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠸᠢᠳᠢᠣ᠋ ᠬᠡᠯᠪᠡᠷᠢ ᠪᠠᠷ | ᠲᠦᠷᠦᠭᠦᠴᠦᠳ ᠤᠨ ᠬᠤᠷᠠᠯ ᠳᠤ ᠣᠷᠣᠯᠴᠠᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠾᠧ ᠯᠢ ᠹᠧᠩ ᠨᠠᠷ ᠲᠦᠷᠦᠭᠦᠴᠦᠳ ᠤᠨ ᠬᠤᠷᠠᠯ ᠳᠤ ᠣᠷᠣᠯᠴᠠᠪᠠ᠃ | | ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠸᠠᠩ ᠢ ᠳᠠᠵᠢᠺᠰᠲ᠋ᠠᠨ ᠤ ᠲᠤᠬᠠᠢ ᠶᠢᠨ | ᠲᠠᠯᠠᠪᠠᠢ ᠳᠤ ᠬᠤᠷᠠᠯ ᠳᠤ ᠣᠷᠣᠯᠴᠠᠪᠠ᠃ |