ᠬᠢᠩᠭᠠᠨ ᠠᠶᠢᠮᠠᠭ ᠤᠨ 2021 ᠣᠨ ᠤ ︽ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ︾ ᠤᠨ ᠬᠤᠭᠤᠴᠠᠭᠠᠨ ᠳᠤ ᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2021/9/23
     2021 ᠣᠨ ᠤ ︽ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ︾ ᠤᠨ ᠠᠮᠠᠷᠠᠯᠲᠠ ᠶᠢᠨ ᠬᠤᠭᠤᠴᠠᠭᠠᠨ  ᠳᠤ ︵9 ᠳ᠋ᠣᠭᠡᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ︶ ᠳᠤ᠂ ᠬᠢᠩᠭᠠᠨ ᠠᠶᠢᠮᠠᠭ ᠨᠡᠶᠢᠲᠡ 30.03 ᠲᠦᠮᠡᠨ ᠬᠥᠮᠦᠨ ᠤᠳᠠᠭ᠎ᠠ ᠵᠢᠭᠤᠯᠴᠢᠯᠠᠭᠴᠢᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ  ᠠᠴᠠ 39.6% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 13421.96 ᠲᠦᠮᠡᠨ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃      ᠠᠶᠢᠮᠠᠭ ᠤᠨ ᠳᠣᠲᠣᠷᠠᠬᠢ ᠣᠶᠢᠷ᠎ᠠ ᠵᠠᠮ ᠤᠨ ᠵᠢᠭᠤᠯᠴᠢᠯᠠᠯ ᠪᠣᠯ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ  ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠭᠤᠤᠯ ᠬᠦᠴᠦᠨ ᠮᠥᠨ ᠪᠠᠶᠢᠵᠤ᠂ ᠥᠪᠡᠰᠦᠪᠡᠨ ᠲᠡᠷᠭᠡ ᠵᠢᠯᠣᠭᠤᠳᠤᠨ ᠵᠢᠭᠤᠯᠴᠢᠯᠠᠬᠤ ᠶᠠᠪᠤᠳᠠᠯ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠣᠯᠵᠣ᠂ ᠠᠮᠠᠷᠠᠯᠲᠠ ᠶᠢᠨ ᠭᠤᠷᠪᠠᠨ ᠡᠳᠦᠷ ᠲᠤ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠵᠢᠴᠢ ᠡᠯ᠎ᠡ ᠦᠵᠡᠮᠵᠢ ᠶᠢᠨ ᠣᠷᠣᠨ ᠴᠥᠮ ᠵᠢᠷᠤᠮᠵᠢᠯ  ᠲᠠᠢ ᠡᠵᠡᠩᠨᠡᠵᠦ᠂ ᠬᠢᠵᠢᠭ ᠢ ᠪᠦᠲᠦᠮᠵᠢᠲᠡᠶ ᠰᠡᠷᠭᠡᠶᠢᠯᠡᠵᠦ᠂ ᠡᠵᠡᠩᠨᠡᠯᠲᠡ ᠶᠢᠨ ᠡᠮᠬᠢ ᠵᠢᠷᠤᠮ ᠨᠢ ᠰᠠᠶᠢᠨ᠂ ᠠᠮᠤᠷ ᠲᠦᠪᠰᠢᠨ ᠤ ᠠᠳᠡᠯ ᠵᠢᠴᠢ ᠵᠠᠭᠠᠯᠳᠤᠯᠭ᠎ᠠ ᠶᠢᠨ ᠬᠡᠷᠡᠭ ᠭᠠᠷᠤᠭᠰᠠᠨ ᠦᠭᠡᠢ᠃        
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号