ᠬᠥᠬᠡᠬᠤᠲᠠ ᠶᠢᠨ 2021 ᠣᠨ ᠤ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ ᠤᠨ ᠠᠮᠠᠷᠠᠯᠲᠠ ᠲᠣᠭᠲᠠᠭᠤᠨ ᠨᠠᠶᠢᠷᠠᠮᠳᠠᠭᠤ
ᠨᠡᠶᠢᠲᠡᠯᠡᠭᠰᠡᠨ ᠴᠠᠭ᠄
2021/9/23
     9 ᠳ᠋ᠣᠭᠡᠷ ᠰᠠᠷ᠎ᠠ ᠶᠢᠨ 19 ᠤ ᠡᠳᠦᠷ ᠠᠴᠠ 21 ᠤ ᠡᠳᠦᠷ ᠤᠨ ᠬᠤᠭᠤᠷᠤᠨᠲᠤ᠂ ᠨᠠᠶᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠨᠡᠶᠢᠲᠡ 67.08 ᠲᠦᠮᠡᠨ ᠬᠥᠮᠦᠨ ᠤᠳᠠᠭ᠎ᠠ ᠵᠢᠭᠤᠯᠴᠢᠯᠠᠭᠴᠢᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠨ ᠂ ᠬᠢᠵᠢᠭ ᠡᠭᠦᠰᠬᠦ ᠠᠴᠠ ᠡᠮᠦᠨᠡᠬᠢ ᠠᠳᠠᠯᠢ ᠬᠤᠭᠤᠴᠠᠭᠠᠨ ᠤ ᠭᠥᠯᠢᠶᠡᠨ ᠠᠪᠬᠤ ᠬᠢᠷᠢ ᠲᠦᠪᠰᠢᠨ ᠤ 80.7% ᠳᠤ ᠬᠥᠷᠪᠡ︔ ᠵᠢᠭᠤᠯᠴᠢᠯᠠᠯ ᠤᠨ ᠦᠶᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 2.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠵᠦ᠂ ᠬᠢᠵᠢᠭ ᠡᠭᠦᠰᠬᠦ ᠠᠴᠠ ᠡᠮᠦᠨᠡᠬᠢ ᠠᠳᠠᠯᠢ ᠬᠤᠭᠤᠴᠠᠭᠠᠨ ᠤ ᠣᠷᠣᠯᠭ᠎ᠠ ᠶᠢᠨ ᠲᠦᠪᠰᠢᠨ ᠤ 71.4% ᠳᠤ ᠬᠦᠷᠪᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠡᠯ᠎ᠡ ᠵᠦᠶᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ  ᠶᠢ ᠪᠣᠳᠠᠲᠠᠶᠢᠵᠢᠭᠤᠯᠵᠤ᠂ ᠵᠢᠭᠤᠯᠴᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠦᠨᠳᠦ ᠶᠡᠭᠡ ᠠᠳᠡᠯ ᠭᠠᠷᠤᠭᠰᠠᠨ ᠥᠬᠡᠶ᠃      ︵ᠨᠢᠭᠡ︶ ᠪᠠᠶᠠᠷ ᠳᠤᠷᠠᠰᠬᠠᠯ ᠤᠨ ᠠᠵᠢᠯᠯᠠᠭ᠎ᠠ ᠡᠯᠪᠡᠭ ᠪᠠᠶᠠᠯᠢᠭ᠃ ︽ᠨᠠᠢᠮᠠᠨ ᠰᠠᠷ᠎ᠠ ᠶᠢᠨ ᠲᠡᠷᠭᠡᠯ ᠰᠠᠷᠠᠨ ᠤ ᠪᠠᠶᠠᠷ ᠢ ᠤᠭᠲᠤᠵᠤ    ᠤᠯᠤᠰ ᠪᠠᠶᠢᠭᠤᠯᠤᠭᠳᠠᠭᠰᠠᠨ ᠪᠠᠶᠠᠷ ᠢ ᠪᠡᠯᠭᠡᠯᠡᠵᠦ     ᠨᠠᠮ ᠤᠨ ᠠᠴᠢ ᠳᠤ ᠲᠠᠯᠠᠷᠬᠠᠬᠤ︾ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠡᠬᠢᠯᠡᠪᠡ᠂ ᠴᠡᠯᠡᠭᠡᠷ ᠲᠠᠯ᠎ᠠ ᠶᠢᠨ ᠦᠨᠦᠷ ᠠᠮᠳᠠᠳᠤ ᠶᠧᠪᠠᠩ ᠪᠣᠳᠠᠰ ᠤᠨ ᠪᠤᠰᠤ ᠰᠣᠶᠣᠯ ᠤᠨ ᠠᠮᠳᠠᠲᠤ ᠢᠳᠡᠭᠡᠨ ᠤ ᠰᠠᠷ᠎ᠠ ᠤᠪᠤᠭ᠎ᠠ ᠲᠤᠰᠬᠤᠨ ᠳᠤ ᠬᠦᠷᠴᠦ᠂ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠭᠤᠤᠯ ᠰᠡᠳᠦᠪᠲᠦ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠤᠷᠤᠯᠠᠭᠤᠯᠭ᠎ᠠ ᠱᠦ ᠭᠤᠸᠠᠩ ᠲᠤᠰᠬᠤᠨ ᠳᠤ ᠬᠦᠷᠴᠦ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠲᠤ ᠤᠯᠤᠰ ᠤᠨ ᠬᠡᠭᠡᠷ᠎ᠡ ᠭᠠᠳᠠᠨᠠᠬᠢ ︽ᠠᠯᠲᠠᠨ ᠬᠡᠷᠢᠰ︾ ᠱᠠᠩᠨᠠᠯ ᠣᠯᠭᠤᠬᠤ ᠶᠤᠰᠤᠯᠠᠯ ᠴᠡᠯᠡᠭᠡᠷ ᠲᠠᠯ᠎ᠠ ᠳᠤ ᠬᠦᠷᠴᠦ᠂ ᠦᠪᠦᠷ ᠮᠤᠩᠭᠤᠯ ᠤᠨ ᠬᠤᠸᠠ ᠢ ᠰᠢᠶᠦ᠋ᠩ ᠳ᠋ᠢ ᠴᠡᠯᠡᠭᠡᠷ ᠲᠠᠯ᠎ᠠ ᠶᠢᠨ ᠤᠳᠤᠨ ᠲᠢᠶᠠᠲᠷ ᠵᠢᠭᠤᠯᠴᠢᠯᠠᠭᠴᠢᠳ ᠢ ᠬᠦᠯᠢᠶᠡᠨ ᠠᠪᠴᠤ᠂ ᠰᠣᠭᠲᠤᠭᠤᠷᠠᠬᠤ ᠮᠠᠶ᠋ᠢᠭ ᠪᠡᠶᠡᠴᠢᠯᠡᠨ ᠤᠶᠢᠯᠠᠭᠠᠬᠤ ᠮᠠᠶ᠋ᠢᠭ ᠤᠨ ᠠᠭᠤᠰᠤᠯᠴᠠᠯ ᠲᠤᠭᠯᠠᠯᠲᠠ ︽ᠲᠠᠯ᠎ᠠ ᠨᠤᠲᠤᠭ ᠲᠤ ᠲᠠᠬᠢᠨ ᠠᠭᠤᠯᠵᠠᠭᠰᠠᠨ ᠨᠢ︾ ᠵᠢᠩᠬᠢᠨᠢ ᠪᠠᠷ ᠲᠤᠭᠯᠠᠭᠳᠠᠪᠠ᠃ ᠰᠣᠶᠣᠯ ᠵᠢᠭᠤᠯᠴᠢᠯᠠᠯ ᠤᠨ ᠠᠵᠢᠯᠯᠠᠭ᠎ᠠ ᠶᠡᠭᠡ ᠵᠤᠤ᠂ ᠿᠦ ᠢ ᠂ ᠳ᠋ᠦᠩ ᠾᠧ ᠠᠭᠤᠳᠠᠮ ᠲᠠᠯᠠᠪᠠᠢ᠂ ᠥᠪᠥᠷ ᠮᠣᠩᠭᠤᠯ ᠤᠨ ᠮᠦᠽᠧᠢ᠂ ᠵᠤᠤ ᠵᠢᠶᠦ᠋ᠨ ᠮᠦᠽᠧᠢ ᠳᠤ ᠬᠦᠷᠴᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠤᠳᠬ᠎ᠠ ᠤᠷᠠᠯᠢᠭ ᠤᠨ ᠲᠠᠶᠢᠰᠠ ᠪᠤᠰᠬᠠᠵᠤ᠂ ᠵᠢᠭᠤᠯᠴᠢᠯᠠᠵᠤ ᠰᠢ ᠳᠠᠭᠤᠯᠠᠨ ᠲᠣᠭᠯᠠᠯᠲᠠ ᠭᠠᠷᠭᠠᠵᠤ᠂ 3 ᠡᠳᠦᠷ ᠤᠨ ᠬᠤᠭᠤᠴᠠᠭᠠᠨ ᠳᠤ ᠪᠠᠷᠤᠭ ᠵᠠᠭᠤ ᠰᠢᠬᠠᠮ ᠲᠠᠯᠠᠪᠠᠢ ᠭᠤᠶᠢᠲᠠ ᠰᠠᠶᠢᠬᠠᠨ ᠲᠣᠭᠯᠠᠯᠲᠠ ᠭᠠᠷᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ᠂ ᠬᠥᠬᠡᠬᠤᠲᠠ ᠶᠢᠨ ᠠᠷᠠᠳ ᠲᠦᠮᠡᠨ ᠳᠤ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠪᠡ᠃      ︵ᠬᠤᠶᠠᠷ︶ ᠤᠢᠢᠷ᠎ᠠ ᠵᠠᠮ᠂ ᠡᠷᠬᠢᠨ ᠲᠣᠭᠤᠷᠢᠨ ᠤ ᠵᠢᠭᠤᠯᠴᠢᠯᠠᠯ ᠨᠢ ᠬᠥᠮᠦᠰ ᠤᠨ ᠲᠠᠭᠠᠰᠢᠶᠠᠯ ᠢ ᠤᠯᠪᠠ᠃ ᠲᠥᠷᠥᠯ ᠰᠠᠳᠤᠨ ᠢᠶᠠᠨ ᠡᠷᠬᠢᠨ ᠦᠵᠡᠵᠦ ᠨᠠᠶᠢᠵᠠ ᠨᠥᠬᠦᠳ ᠢᠶᠠᠨ ᠡᠷᠬᠢᠨ ᠦᠵᠡᠬᠦ ᠪᠠ ᠭᠡᠷ ᠬᠤᠲᠠᠯᠠᠭᠠᠷ ᠢᠶᠠᠨ ᠨᠠᠮᠤᠷ ᠤᠨ ᠦᠵᠡᠮᠵᠢ ᠶᠢ ᠰᠣᠨᠢᠷᠬᠠᠬᠤ ᠵᠢᠭᠤᠯᠴᠢᠯᠠᠯ ᠤᠨ ᠵᠠᠮ ᠱᠤᠭᠤᠮ ᠬᠥᠭᠵᠢᠶᠡᠨ ᠲᠠᠢ ᠪᠣᠯᠵᠣ᠂ ᠬᠤᠲᠠ ᠶᠢᠨ ᠠᠷᠠᠳ ᠤᠨ ᠬᠥᠳᠡᠭᠡ ᠲᠣᠰᠬᠤᠨ ᠤ ᠰᠡᠯᠡᠭᠦᠴᠡᠯ ᠤᠨ ᠠᠵᠢᠯᠯᠠᠭ᠎ᠠ ᠴᠤ ᠮᠠᠰᠢ ᠬᠥᠭᠵᠢᠶᠡᠨ ᠲᠠᠢ ᠶᠠᠪᠤᠭᠳᠠᠵᠤ ᠪᠠᠶᠢᠨ᠎ᠠ ᠃ ᠠᠮᠠᠷᠠᠯᠲᠠ ᠶᠢᠨ ᠬᠤᠭᠤᠴᠠᠭᠠᠨ ᠳᠤ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ᠂ ᠬᠤᠳᠠ ᠶᠢᠨ ᠳᠣᠲᠣᠷᠠᠬᠢ ᠴᠡᠴᠡᠷᠯᠢᠭ᠂  ᠵᠢᠭᠤᠯᠴᠢᠯᠠᠯ ᠤᠨ ᠲᠠᠯᠠᠪᠠᠢ᠂ ᠦᠵᠡᠮᠵᠢ ᠶᠢᠨ ᠣᠷᠣᠨ ᠳᠤ ᠵᠢᠭᠤᠯᠴᠢᠯᠠᠭᠴᠢᠳ ᠲᠥᠪᠯᠡᠷᠡᠵᠦ᠂ ᠠᠯᠲᠠᠢ ᠵᠢᠭᠤᠯᠴᠢᠯᠠᠯ ᠤᠨ ᠲᠠᠯᠠᠪᠠᠢ᠂ ᠵᠤᠤ ᠵᠢᠶᠦ᠋ᠨ ᠮᠦᠽᠧᠢ᠂ ᠴᠡᠯᠡᠭᠡᠷ ᠲᠠᠯ᠎ᠠ ᠰᠣᠶᠣᠯ ᠵᠢᠭᠤᠯᠴᠢᠯᠠᠯ ᠤᠨ ᠣᠷᠣᠨ᠂ ᠯᠣᠣ ᠨᠢᠦ ᠸᠠᠨ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠲᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠳᠠᠨ ᠤ ᠬᠦᠷᠢᠶᠡᠯᠡᠩ᠂ ᠬᠤᠳᠠ ᠶᠢᠨ ᠡᠷᠬᠢᠨ ᠲᠣᠭᠤᠷᠢᠨ ᠤ ᠲᠠᠷᠢᠶᠠᠴᠢᠨ ᠠᠶᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠭᠤᠯᠴᠢᠯᠠᠭᠴᠢᠳ ᠪᠠᠭᠰᠢᠷᠠᠵᠤ ᠪᠠᠶᠢᠯ᠎ᠠ᠃ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠴᠡᠯᠡᠭᠡᠷ ᠲᠠᠯ᠎ᠠ  ᠶᠢᠨ ᠲᠠᠯ᠎ᠠ ᠨᠤᠲᠤᠭ ᠤᠨ ᠠᠮᠢ ᠠᠬᠤᠶ ᠶᠢᠨ ᠲᠣᠭᠤᠷᠢᠨ ᠦᠵᠡᠬᠦ ᠵᠤᠭ᠎ᠠ ᠴᠡᠩᠭᠡᠯ ᠤᠨ ᠨᠢᠭᠡ ᠡᠳᠦᠷ ᠤᠨ ᠵᠢᠭᠤᠯᠴᠢᠯᠠᠯ᠂ ᠬᠥᠬᠡᠬᠤᠲᠠ ᠶᠢᠨ ᠲᠡᠦᠬᠡ ᠶᠢᠨ ᠨᠢᠭᠡ ᠡᠳᠦᠷ ᠤᠨ ᠵᠢᠭᠤᠯᠴᠢᠯᠠᠯ᠂ ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ ᠨᠢᠭᠡ ᠡᠳᠦᠷ ᠤᠨ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠡᠳᠦᠷ  ᠤᠨ ᠵᠢᠭᠤᠯᠴᠢᠯᠠᠯ᠂ ᠬᠤᠪᠢᠰᠬᠠᠯ ᠤᠨ ᠰᠣᠳᠣᠨ ᠵᠢᠭᠤᠯᠴᠢᠯᠠᠯ ᠤᠨ ᠨᠢᠭᠡ ᠡᠳᠦᠷ ᠤᠨ ᠵᠢᠭᠤᠯᠴᠢᠯᠠᠯ᠂ ᠠᠮᠢᠵᠢᠷᠠᠯ ᠪᠢᠯᠬᠠᠭᠰᠠᠨ ᠪᠡᠶ᠎ᠡ ᠴᠢᠭᠢᠷᠠᠭᠵᠢᠭᠤᠯᠬᠤ ᠨᠢᠭᠡ ᠡᠳᠦᠷ ᠤᠨ ᠵᠢᠭᠤᠯᠴᠢᠯᠠᠯ᠂ ᠲᠠᠯ᠎ᠠ ᠨᠤᠲᠤᠭ ᠤᠨ ᠷᠣᠮᠠᠨᠲ᠋ᠢᠭ ᠵᠢᠭᠤᠯᠴᠢᠯᠠᠯ᠂ ᠬᠠᠭᠤᠷᠠᠶ ᠶᠢᠨ ᠵᠤᠭᠠᠴᠠᠯ ᠤᠨ ᠬᠡᠷ ᠲᠡᠷᠭᠡᠨ ᠤ ᠪᠠᠭᠤᠴᠠ᠂ ᠠᠯᠲᠠᠨ ᠬᠡᠷᠢᠰ ᠬᠡᠭᠡᠷ᠎ᠡ ᠭᠠᠳᠠᠨᠠᠬᠢ ᠨᠡᠭᠦᠳᠡᠯ ᠤᠨ ᠼᠢᠷᠺ ᠵᠡᠷᠭᠡ ᠰᠢᠷᠢᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠠᠭ ᠲᠤ ᠨᠢ ᠲᠣᠬᠢᠷᠠᠭᠤᠯᠤᠨ ᠭᠠᠷᠭᠠᠵᠤ᠂ ᠥᠷᠭᠡᠨ ᠣᠯᠠᠨ ᠬᠤᠲᠠ ᠶᠢᠨ ᠠᠷᠠᠳ ᠲᠤ ᠲᠥᠬᠦᠮ ᠦᠵᠡᠭᠦᠯᠦᠨ᠂ ᠪᠤᠰᠤᠳᠴᠢ ᠪᠠᠷ ᠲᠣᠭᠤᠷᠢᠨ ᠵᠤᠭᠠᠴᠠᠬᠤ ᠳᠤ ᠲᠥᠬᠦᠮ ᠦᠵᠡᠭᠦᠯᠪᠡ  ᠃      ︵ᠭᠤᠷᠪᠠ︶ ︽ᠴᠡᠯᠡᠭᠡᠷ ᠲᠠᠯ᠎ᠠ︾ ᠨᠡᠷᠡᠲᠦ ᠲᠡᠮᠳᠡᠭ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠴᠡᠯᠡᠭᠡᠷ ᠲᠠᠯ᠎ᠠ︾ ᠪᠠᠷ ᠭᠤᠤᠯ ᠪᠣᠯᠭᠠᠵᠤ᠂ ᠣᠷᠣᠨ ᠪᠦᠰᠡ ᠶᠢᠨ ᠣᠨᠴᠠᠯᠢᠭᠲᠤ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠠᠷᠠᠯᠲᠠ ᠶᠢᠨ ᠬᠤᠭᠤᠴᠠᠭᠠᠨ ᠳᠤ ︽ᠴᠡᠯᠡᠭᠡᠷ ᠲᠠᠯ᠎ᠠ ᠵᠢᠵᠢᠭ ᠪᠠᠯᠭᠠᠰᠤ︾᠂ ︽ᠴᠡᠯᠡᠭᠡᠷ ᠲᠠᠯ᠎ᠠ ᠠᠶᠢᠮᠠᠭ︾᠂ ︽ᠴᠡᠯᠡᠭᠡᠷ ᠲᠠᠯ᠎ᠠ ᠵᠢᠭᠤᠯᠴᠢᠯᠠᠯ︾ ᠵᠡᠷᠭᠡ ᠰᠢᠷᠢᠰ ᠣᠨᠴᠠᠯᠢᠭᠲᠤ ᠪᠦᠲᠦᠭᠡᠭᠳᠡᠬᠦᠨ ᠢ ᠭᠠᠷᠭᠠᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠤᠲᠠ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠲᠥᠷᠥᠯ ᠲᠡᠮᠳᠡᠭ ᠤᠨ ᠥᠷᠲᠡᠭ ᠪᠠ ᠬᠥᠭᠵᠢᠯᠲᠡ ᠶᠢᠨ ᠠᠭᠤᠯᠤᠭᠳᠠᠬᠤᠨ ᠢ ᠣᠯᠭᠤᠵᠤ᠂ ᠵᠢᠭᠤᠯᠴᠢᠯᠠᠭᠴᠢᠳ ᠤᠨ ᠪᠠᠭ᠋ᠠᠷᠬᠠᠯ ᠢ ᠣᠯᠪᠠ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号