2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠲᠣᠭᠯᠠᠯᠲᠠ ᠶᠢᠨ ᠰᠠᠷ᠎ᠠ ᠶᠢᠨ ᠠᠵᠢᠯᠯᠠᠭ᠎ᠠ ᠣᠷᠳᠣᠰ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2021/9/23
     9 ᠳ᠋ᠦ᠋ᠭᠡᠷ ᠰᠠᠷ᠎ᠠ ᠶᠢᠨ 20 ᠤ ᠣᠷᠣᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠭᠤᠤᠯᠯᠠᠨ ᠡᠷᠭᠢᠯᠡᠵᠦ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠠᠭᠠᠭᠠᠨ ᠡᠷᠭᠢᠯᠡᠭᠰᠡᠨ 《 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠲᠣᠭᠯᠠᠯᠲᠠ ᠶᠢᠨ ᠰᠠᠷ᠎ᠠ 》 ᠶᠢᠨ ᠠᠵᠢᠯᠯᠠᠭ᠎ᠠ ᠣᠷᠳᠣᠰ ᠵᠥᠴᠦᠭᠡ  ᠶᠢᠨ ᠬᠦᠷᠢᠶᠡᠯᠡᠩ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠰᠢᠨ ᠨᠠ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠢᠶᠣᠣ ᠴᠧᠩ ᠢᠤᠢ ᠪᠠᠶᠠᠷ ᠤᠨ ᠦᠭᠡ ᠬᠡᠯᠡᠵᠦ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ ᠷᠦᠩ ᠲᠣᠭᠯᠠᠯᠲᠠ ᠶᠢ ᠰᠣᠨᠢᠷᠬᠠᠵᠤ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠤᠪᠴᠢᠶ᠎ᠠ  ᠶᠢᠨ ᠳᠠᠷᠤᠭ᠎ᠠ ᠵᠣᠣ ᠽᠢ ᠢ ᠡᠬᠢᠯᠡᠯᠲᠡ ᠶᠢᠨ ᠶᠣᠰᠣᠯᠠᠯ ᠢ ᠡᠷᠭᠢᠯᠡᠪᠡ  ᠃      ᠲᠤᠰ ᠤᠳᠠᠭᠠᠨ  ᠤ ᠦᠵᠡᠭᠦᠯᠭᠡ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ  ᠳᠡᠭᠡᠷᠡᠬᠢ ᠲᠤᠭᠯᠠᠯᠲᠠ   ᠨᠢ ᠤᠷᠳᠤᠰ ᠬᠤᠳᠠ ᠶᠢᠨ ᠤᠯᠠᠭᠠᠨᠮᠥ᠋ᠴᠢᠷ ᠤᠨ ᠵᠣᠬᠢᠶᠠᠨ ᠪᠦᠲᠦᠭᠡᠵᠦ ᠲᠣᠭᠯᠠᠭᠰᠠᠨ ᠳᠠᠭᠤᠤ ᠬᠥᠭᠵᠢᠮᠲᠦ ᠵᠦᠴᠦᠭᠡ 《 ᠡᠨᠡ ᠬᠦ ᠲᠠᠯ᠎ᠠ ᠨᠤᠲᠤᠭ 》 ᠪᠣᠯᠤᠨ᠎ᠠ᠃ ᠲᠤᠰ ᠵᠦᠴᠦᠭᠡ ᠨᠢ ᠲᠦᠷᠦᠭᠦᠦ ᠵᠠᠭᠤᠨ ᠤ ᠵᠢᠷᠠᠭᠠᠳ ᠣᠨ ᠤ 《 ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠤᠩᠭᠤᠯ  ᠳᠤ ᠢᠷᠡᠭᠰᠡᠨ 》 ᠦᠨᠡᠨ  ᠪᠤᠳᠠᠳᠤ ᠲᠡᠦᠬᠡ ᠶᠢᠨ ᠠᠬᠤᠢ ᠪᠠᠶᠢᠳᠠᠯ ᠢᠶᠠᠷ ᠲᠦᠰᠢᠭ ᠪᠣᠯᠭᠠᠵᠤ᠂ ᠴᠠᠶᠢᠯᠭᠠᠨ ᠴᠠᠭᠠᠪᠤᠷ᠂ ᠦᠨᠡᠨᠴᠢ ᠢᠲᠡᠭᠡᠮᠵᠢᠲᠡᠢ᠂ ᠥᠪᠡᠷ ᠤᠨ ᠬᠦᠴᠦ  ᠪᠠᠷ ᠢᠶᠠᠨ ᠳᠡᠭᠵᠢᠷᠡᠭᠰᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠳᠦᠷᠢ ᠶᠢ ᠪᠥᠲᠦᠭᠡᠵᠦ᠂ ᠬᠤᠶᠠᠷ ᠦᠶ᠎ᠡ  ᠶᠢᠨ ᠮᠠᠯᠴᠢᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠠᠬᠢᠴᠠ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ ᠂ ᠲᠦᠮᠡᠨ ᠪᠡᠷᠬᠡᠰᠢᠶᠡᠯ ᠢ ᠳᠠᠪᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠪᠦᠳᠦᠭᠡᠨ ᠪᠠᠶᠢᠭᠤᠯᠤᠭᠰᠠᠨ ᠪᠡᠷᠬᠡ ᠬᠠᠲᠠᠭᠤᠵᠢᠯᠲᠠᠢ ᠣᠨ ᠰᠠᠷ᠎ᠠ ᠶᠢ ᠵᠢᠷᠤᠭᠯᠠᠵᠤ᠂ ᠠᠷᠠᠳ ᠤᠯᠠᠨ ᠤ ᠨᠢᠭᠡ ᠰᠡᠳᠬᠢᠯ ᠨᠢᠭᠡ ᠵᠣᠷᠢᠭ ᠢᠶᠠᠷ᠂ ᠳᠤᠷᠠᠲᠠᠶᠢᠶ᠎ᠠ ᠠᠮᠢ ᠪᠡᠶ᠎ᠡ ᠪᠠᠨ ᠵᠣᠷᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠡᠷᠬᠢᠮ ᠨᠠᠨᠳᠢᠨ ᠤᠶᠤᠨ ᠰᠠᠨᠠᠭᠠᠨ ᠤ ᠵᠠᠩ ᠴᠢᠨᠠᠷ ᠢ ᠢᠯᠡᠷᠡᠭᠦᠯᠪᠡ  ᠃ 《 ᠡᠨᠡ ᠬᠦ ᠲᠠᠯ᠎ᠠ ᠨᠤᠲᠤᠭ 》 ᠢ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠶᠢᠨ ᠲᠥᠯᠥᠭᠡ ᠭᠤᠤᠯᠯᠠᠨ ᠪᠦᠲᠦᠭᠡᠵᠦ᠂ ᠭᠤᠤᠯ ᠵᠣᠬᠢᠶᠠᠨ ᠪᠦᠲᠦᠭᠡᠬᠦ ᠪᠦᠯᠬᠦᠮ ᠪᠠ ᠲᠣᠭᠯᠠᠭᠴᠢ ᠠᠵᠢᠯᠲᠠᠨ ᠴᠣ ᠰᠢᠨ᠎ᠡ ᠤᠷᠠᠯᠢᠭ ᠤᠨ ᠬᠠᠷᠠᠭᠠᠰᠤ ᠠᠴᠠ ᠤᠤᠯ ᠵᠦᠴᠦᠭᠡ ᠳᠤ ᠪᠦᠲᠦᠴᠡ ᠶᠢᠨ ᠴᠢᠨᠠᠷᠲᠠᠶ ᠲᠣᠬᠢᠷᠠᠭᠤᠯᠤᠯᠲᠠ ᠬᠢᠭᠰᠡᠨ ᠪᠥᠭᠡᠳ ᠬᠤᠪᠴᠠᠰᠤ ᠵᠠᠰᠠᠯ᠂  ᠭᠤᠶᠤᠯᠠᠯ ᠴᠢᠮᠡᠭᠯᠡᠯ᠂ ᠪᠠᠭᠠᠵᠢ ᠬᠡᠷᠡᠭᠰᠡᠯ᠂ ᠳᠠᠭᠤᠤ ᠬᠥᠭᠵᠢᠮ᠂ ᠪᠥᠵᠢᠭ᠂ ᠲᠣᠭᠯᠠᠯᠲᠠ᠂ ᠲᠠᠶᠢᠰᠠᠨ ᠤ ᠵᠢᠷᠤᠭ ᠲᠥᠯᠥᠪᠯᠡᠭᠡ ᠵᠡᠷᠭᠡ ᠲᠠᠯ᠎ᠠ  ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠵᠦᠴᠦᠭᠡ ᠶᠢᠨ ᠢᠯᠡᠳᠬᠡᠬᠦ ᠠᠭᠤᠯᠤᠭᠳᠠᠬᠤᠨ ᠪᠠ ᠤᠷᠠᠯᠢᠭ ᠤᠨ ᠰᠣᠨᠢᠷᠬᠠᠯᠲᠤ ᠴᠢᠨᠠᠷ ᠢ ᠨᠠᠩ ᠳᠣᠪᠣᠶᠢᠯᠭᠠᠪᠠ  ᠃ ᠲᠣᠭᠯᠠᠯᠲᠠ ᠶᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠬᠡᠯᠪᠡᠷᠢ ᠪᠠᠷ ᠶᠠᠪᠤᠭᠳᠠᠭᠤᠯᠵᠤ ᠬᠦᠯᠢᠶᠡᠨ ᠦᠵᠡᠬᠦ ᠪᠦᠷᠬᠦᠴᠡ ᠶᠢ ᠥᠷᠭᠡᠳᠬᠡᠪᠡ  ᠃      ᠲᠣᠰ ᠤᠳᠠᠭᠠᠨ ᠤ ᠲᠣᠭᠯᠠᠯᠲᠠ ᠶᠢᠨ ᠠᠵᠢᠯᠯᠠᠭ᠎ᠠ ᠨᠢ 10 ᠡᠳᠦᠷ ( 9 ᠳ᠋ᠦ᠋ᠭᠡᠷ ᠰᠠᠷ᠎ᠠ ᠶᠢᠨ 20 ᠤ ᠡᠳᠦᠷ  ᠠᠴᠠ 30 ᠤ ᠡᠳᠦᠷ ᠪᠣᠯᠲᠠᠯ᠎ᠠ ) ᠶᠠᠪᠤᠭᠳᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠭᠤᠤᠯ ᠰᠡᠳᠦᠪ ᠢᠯᠡ ᠲᠣᠳᠣ᠂ ᠭᠤᠤᠯ ᠬᠥᠭ ᠠᠶᠠᠰ ᠢ ᠴᠤᠤᠷᠢᠶᠠᠲᠤᠭᠤᠯᠤᠭᠰᠠᠨ᠂ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠶᠯᠡᠳᠦᠯ ᠲᠠᠢ 10 ᠰᠢᠯᠢᠳᠡᠭ ᠲᠠᠶᠢᠰᠠᠨ ᠤ ᠵᠦᠴᠦᠭᠡ ᠶᠢ ᠲᠥᠪᠯᠡᠷᠡᠭᠦᠯᠦᠨ ᠲᠣᠭᠯᠠᠵᠤ᠂ ᠳᠠᠭᠤᠤ ᠬᠥᠭᠵᠢᠮᠲᠦ ᠵᠦᠴᠦᠭᠡ᠂ ᠪᠥᠵᠢᠭᠲᠦ ᠵᠦᠴᠦᠭᠡ᠂ ᠳᠠᠭᠤᠷᠢ᠂ ᠤᠷᠰᠺᠧᠲᠷᠠ ᠬᠦᠭᠵᠢᠮ᠂ ᠨᠠᠶᠢᠷᠠᠯ ᠬᠥᠭᠵᠢᠮ ᠵᠡᠷᠭᠡ ᠵᠦᠴᠦᠭᠡ ᠶᠢᠨ ᠬᠡᠯᠪᠡᠷᠢ ᠶᠢ ᠬᠠᠮᠤᠷᠴᠤ᠂ ᠦᠵᠡᠬᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠳᠦᠷᠢ ᠲᠥᠷᠬᠦ ᠶᠢ ᠴᠤᠭᠴᠠᠯᠠᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠠᠷᠠᠳ ᠣᠯᠠᠨ ᠳᠤ ᠠᠰᠢᠭ ᠬᠦᠷᠲᠡᠭᠡᠬᠦ᠂ ᠣᠷᠣᠯᠴᠠᠬᠤ ᠴᠢᠨᠠᠷ᠂ ᠰᠦᠯᠵᠢᠶᠡᠨ ᠤ ᠴᠢᠨᠠᠷ ᠢ ᠳᠤᠪᠤᠶᠢᠯᠭᠠᠭᠰᠠᠨ ᠰᠣᠶᠣᠯ ᠤᠨ ᠨᠠᠷᠠᠲᠤ ᠲᠡᠮᠳᠡᠭᠲᠦ ᠠᠵᠢᠯᠯᠠᠭ᠎ᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠭᠤᠤᠯᠯᠠᠨ ᠡᠷᠭᠢᠯᠡᠭᠰᠡᠨ ᠲᠠᠯ᠎ᠠ《 ᠰᠢᠯᠢᠳᠡᠭ ᠵᠦᠴᠦᠭᠡ ᠶᠢᠨ ᠱᠠᠩᠨᠠᠯ 》᠂ 《 ᠰᠢᠯᠢᠳᠡᠭ ᠲᠣᠭᠯᠠᠭᠴᠢ ᠶᠢᠨ ᠱᠠᠩᠨᠠᠯ 》᠂ 《 ᠰᠢᠯᠢᠳᠡᠭ ᠨᠠᠶᠢᠷᠠᠭᠤᠯᠤᠨ ᠵᠣᠬᠢᠶᠠᠭᠰᠠᠨ ᠱᠠᠩᠨᠠᠯ 》᠂ 《 ᠵᠣᠬᠢᠶᠠᠨ ᠪᠠᠶᠢᠭᠤᠯᠤᠭᠰᠠᠨ ᠱᠠᠩᠨᠠᠯ 》 ᠵᠡᠷᠭᠡ ᠱᠠᠩᠨᠠᠯ ᠢ ᠰᠢᠯᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠡᠯ᠎ᠡ ᠲᠣᠭᠯᠠᠯᠲᠠ  ᠶᠢᠨ ᠪᠦᠯᠬᠦᠮ ᠪᠠᠰᠠ ᠬᠤᠲᠠ ᠶᠢᠨ ᠭᠤᠤᠯ ᠲᠣᠭᠤᠷᠢᠭ ᠤᠨ ᠴᠡᠷᠢᠭ ᠤᠨ ᠬᠤᠸᠠᠷᠠᠨ᠂ ᠰᠤᠷᠭᠠᠭᠤᠯᠢ᠂ ᠦᠵᠡᠮᠵᠢ ᠶᠢᠨ ᠣᠷᠣᠨ᠂ ᠠᠭᠤᠳᠠᠮ ᠲᠠᠯᠠᠪᠠᠶ ᠵᠡᠷᠭᠡ ᠲᠠᠯᠠᠪᠤᠷ ᠲᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 8 ᠲᠠᠯᠠᠪᠠᠶ ᠭᠠᠷᠭᠠᠬᠤ ᠪᠣᠯᠤᠨ᠎ᠠ  ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠯᠪᠣᠭᠳᠠᠯ ᠪᠥᠬᠦᠶ ᠤᠳᠤᠷᠢᠳᠤᠯᠭ᠎ᠠ᠂ ᠰᠢᠯᠭᠠᠷᠠᠭᠤᠯᠬᠤ ᠺᠣᠮᠢᠰ ᠤᠨ ᠪᠠᠭᠰᠢ ᠨᠠᠷ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠣᠯᠤᠨ ᠦᠵᠡᠬᠦᠯᠭᠡ ᠶᠢᠨ ᠲᠣᠭᠯᠠᠯᠲᠠ ᠶᠢᠨ ᠬᠦᠷᠢᠶᠡᠯᠡᠩ ᠪᠦᠯᠬᠦᠮ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ  ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号