ᠨᠠᠶᠮᠠᠨ ᠰᠠᠷ᠎ᠠ ᠶᠢᠨ ᠲᠡᠷᠭᠡᠯ ᠤᠨ ᠪᠠᠶᠠᠷ ᠲᠤ ᠠᠯᠠᠱᠠ ᠠᠶᠢᠮᠠᠭ ᠨᠡᠶᠢᠲᠡ 23 . 8 ᠲᠦᠮᠡᠨ ᠬᠥᠮᠦᠨ ᠤᠳᠠᠭᠠᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ ᠭᠥᠯᠢᠶᠡᠨ ᠠᠪᠴᠤ  ᠵᠢᠭᠤᠯᠴᠢᠯᠠᠯ ᠤᠨ ᠶᠡᠷᠦᠩᠬᠡᠶ ᠣᠷᠣᠯᠭ᠎ᠠ 2 . 1029 ᠳ᠋ᠦᠩᠰᠢᠭᠤᠷ ᠲᠥᠭᠦᠷᠢᠭ ᠬᠦᠷᠪᠡ
ᠨᠡᠶᠢᠲᠡᠯᠡᠭᠰᠡᠨ ᠴᠠᠭ᠄
2021/9/23
     2021 ᠣᠨ ᠤ 9  ᠳ᠋ᠤᠭᠡᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠲᠤᠭ᠎ᠠ 23 . 8 ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 2 . 1029 ᠳ᠋ᠦᠩᠰᠢᠭᠤᠷ ᠲᠥᠭᠦᠷᠢᠭ ᠲᠤ ᠬᠦᠷᠴᠡᠶ᠃      ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠳᠣᠤᠷᠠᠬᠢ ᠮᠡᠲᠦ ᠣᠨᠴᠠᠯᠢᠭ ᠢᠯᠡᠷᠡᠪᠡ      1. ᠠᠮᠠᠷᠠᠯᠲᠠ ᠶᠢᠨ ᠬᠤᠭᠤᠴᠠᠭᠠᠨ ᠳᠤ᠂ ᠬᠡᠰᠡᠭ ᠦᠵᠡᠮᠵᠢ ᠶᠢᠨ ᠣᠷᠣᠨ ᠪᠢᠯᠧᠲ ᠠᠪᠬᠤ ᠥᠬᠡᠶ᠂ ᠦᠨ᠎ᠡ ᠪᠠᠭᠤᠷᠠᠭᠤᠯᠬᠤ ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠭᠴᠢᠳ ᠤᠨ ᠭᠠᠳᠠᠭᠰᠢ ᠭᠠᠷᠴᠤ ᠵᠢᠭᠤᠯᠴᠢᠯᠠᠬᠤ ᠶᠢ ᠤᠷᠮᠠᠰᠢᠭᠤᠯᠪᠠ  ᠃ ᠠᠯᠠᠱᠠ ᠶᠢᠨ  ᠪᠠᠭᠠᠲᠤᠷᠴᠤᠳ ᠤᠨ ᠴᠤᠭᠯᠠᠭᠠᠨ · ᠠᠢ ᠺᠠ  ᠭᠤᠪᠢ  ᠶᠢᠨ ᠳ᠋ᠧᠪᠠᠵᠠᠨ ᠳᠠᠭᠤᠤ ᠬᠥᠭᠵᠢᠮ ᠤᠨ ᠨᠠᠶᠢᠷ ᠵᠡᠷᠭᠡ 《  ᠬᠠᠨ ᠲᠩᠷᠢ ᠠᠯᠠᠱᠠ 》 ᠰᠢᠵᠢᠷ ᠠᠯᠳᠠᠨ  ᠵᠢᠭᠤᠯᠴᠢᠯᠠᠯ  ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠠᠪᠤᠭᠳᠠᠵᠤ᠂ ᠨᠠᠢᠮᠠᠨ ᠰᠠᠷ᠎ᠠ ᠶᠢᠨ ᠲᠡᠷᠭᠡᠯ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ《 ᠠᠷᠪᠠᠨ ᠰᠠᠷ᠎ᠠ ᠶᠢᠨ ᠨᠢᠭᠡᠨ 》 ᠤ ᠰᠢᠵᠢᠷ ᠠᠯᠳᠠᠨ ᠭᠠᠷᠠᠭ ᠤᠨ ᠤᠷᠢᠳᠴᠢᠯᠠᠭᠰᠠᠨ ᠪᠡᠯᠡᠳᠬᠡᠯ ᠪᠣᠯᠪᠠ  ᠃      2. ᠮᠦᠽᠧᠶ᠂ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠣᠯᠠᠨ ᠨᠡᠶᠢᠲᠡ  ᠶᠢᠨ ᠰᠣᠶᠣᠯ ᠤᠨ ᠲᠠᠯᠠᠪᠠᠶ ᠣᠷᠳᠣᠨ ᠨᠢ ᠵᠢᠭᠤᠯᠴᠢᠯᠠᠭᠴᠢᠳ ᠤᠨ ᠬᠦᠷᠢᠶᠡᠯᠡᠯ ᠢ ᠤᠯᠪᠠ  ᠃      3.  ᠮᠠᠯᠴᠢᠨ ᠠᠶᠢᠯ  ᠤᠨ ᠵᠢᠭᠤᠯᠴᠢᠯᠠᠯ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢᠲᠦ ᠣᠷᠣᠨ ᠵᠢᠭᠤᠯᠴᠢᠯᠠᠭᠴᠢᠳ ᠤᠨ ᠬᠦᠷᠢᠶᠡᠯᠡᠯ ᠢ ᠶᠡᠬᠡᠳᠡ ᠤᠯᠪᠠ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号