ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠶ ᠵᠣᠬᠢᠰᠲᠠᠶ ᠵᠢᠱᠢᠯᠲᠡ ᠶᠢ ᠲᠣᠭᠲᠠᠭᠤᠨ ᠪᠠᠶᠢᠯᠭᠠᠵᠤ ᠠᠵᠤ ᠠᠬᠤᠶ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/9/23
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠶ ᠵᠣᠬᠢᠰᠲᠠᠶ ᠵᠢᠱᠢᠯᠲᠡ ᠶᠢ ᠲᠣᠭᠲᠠᠭᠤᠨ ᠪᠠᠶᠢᠯᠭᠠᠵᠤ᠂ ᠠᠵᠤ ᠠᠬᠤᠶ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠵᠠᠯᠭᠠᠮᠵᠢ ᠬᠦᠴᠦᠨ ᠤ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ᠃      ᠳᠤᠮᠳᠠ ᠵᠢᠵᠢᠭ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ ᠤᠰᠤ ᠬᠠᠩᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 22 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠢ ᠵᠣᠬᠢᠰᠲᠠᠢ ᠵᠢᠱᠢᠯᠲᠡ ᠶᠢ ᠲᠣᠭᠲᠠᠭᠤᠨ ᠪᠠᠶᠢᠯᠭᠠᠵᠤ᠂ ᠠᠵᠤ ᠠᠬᠤᠢ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠵᠠᠯᠭᠠᠮᠵᠢ ᠬᠦᠴᠦᠨ ᠤ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ︔ ᠳᠤᠮᠳᠠ ᠵᠢᠵᠢᠭ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ ᠤᠰᠤ ᠬᠠᠩᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠪᠠᠶᠢᠷᠢᠯᠠᠭᠤᠯᠪᠠ᠃ ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠶ ᠰᠡᠷᠭᠦᠯᠲᠡ ᠶᠢᠨ ᠪᠠᠶᠢᠳᠠᠯ ᠢᠶᠠᠨ ᠪᠠᠲᠤᠯᠠᠵᠤ᠂ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠨ᠎ᠠ᠃ ᠭᠡᠪᠡᠴᠦ ᠣᠶᠢᠷ᠎ᠠ ᠶᠢᠨ ᠬᠤᠭᠤᠴᠠᠭᠠᠨ ᠳᠤ ᠣᠯᠠᠨ ᠤᠯᠤᠰ ᠤᠨ ᠣᠷᠴᠢᠨ ᠨᠥᠬᠦᠴᠡᠯ ᠤᠨ ᠲᠣᠭᠲᠠᠪᠤᠷᠢ ᠦᠭᠡᠢ ᠬᠦᠴᠦᠨ ᠵᠦᠢᠯ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠪᠠᠰᠠ ᠬᠢᠵᠢᠭ ᠤᠨ ᠪᠠᠶᠢᠳᠠᠯ ᠳᠡᠯᠭᠡᠷᠡᠬᠦ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠬᠤ ᠵᠡᠷᠭᠡ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠬᠠᠨᠳᠤᠰᠢ ᠶᠢ ᠮᠥᠷᠳᠡᠨ ᠵᠠᠳᠠᠯᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ᠋ᠢᠴᠡ ᠴᠢᠨᠠᠷ ᠪᠠ ᠲᠣᠭᠲᠠᠩᠭᠤᠢ ᠴᠢᠨᠠᠷ ᠢ ᠪᠠᠲᠤᠯᠠᠵᠤ᠂ ᠪᠦᠳᠤᠮᠵᠢᠳᠤ ᠴᠢᠨᠠᠷ ᠢ ᠴᠢᠩᠭᠠᠳᠬᠠᠵᠤ᠂ ᠤᠷᠢᠳᠴᠢᠯᠠᠨ ᠲᠣᠬᠢᠷᠠᠭᠤᠯᠤᠯᠲᠠ᠂ ᠪᠢᠴᠢᠯ ᠲᠣᠬᠢᠷᠠᠭᠤᠯᠤᠯᠲᠠ ᠪᠠ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠦᠢ ᠵᠣᠬᠢᠰᠲᠠᠢ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ᠃ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠶᠢᠨ ᠲᠣᠭᠤᠷᠢᠨ ᠳᠤ ᠬᠤᠷᠸ᠎ᠠ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠠᠷᠭ᠎ᠠ ᠶᠢ ᠢᠯᠡᠭᠦᠬᠡᠨ ᠬᠡᠷᠡᠭᠯᠡᠵᠦ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠡᠪᠦᠯ ᠤᠨ ᠤᠯᠠᠷᠢᠯ ᠤᠨ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠡᠳᠡᠭᠡ ᠵᠠᠩᠭᠢ ᠶᠢᠨ ᠰᠦᠯᠵᠢᠶ᠎ᠡ ᠪᠠᠷ ᠰᠠᠭᠤᠷᠢ ᠪᠣᠯᠭᠠᠭᠰᠠᠨ᠂ ᠮᠡᠷᠭᠡᠵᠢᠯ ᠤᠨ ᠰᠢᠨᠡᠴᠢᠯᠡᠯᠲᠡ ᠪᠠᠷ ᠬᠥᠳᠡᠯᠭᠡᠭᠦᠷ ᠪᠣᠯᠭᠠᠭᠰᠠᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠠᠰᠢᠭᠲᠠᠶ ᠶᠤᠮ᠃ ᠨᠢᠭᠡ ᠳᠤ᠂ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠭᠤᠣᠯᠯᠠᠬᠤ ᠰᠦᠯᠵᠢᠶ᠎ᠡ ᠪᠠ ᠬᠤᠳᠠ ᠶᠢᠨ ᠬᠡᠪᠴᠢᠶᠡᠨ ᠤ ᠰᠦᠯᠵᠢᠶ᠎ᠡ ᠶᠢ ᠵᠣᠬᠢᠴᠠᠭᠤᠯᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠵᠤ᠂ ᠮᠢᠩᠭᠠᠨ ᠰᠠᠶᠠᠲᠤ ᠰᠦᠯᠵᠢᠶ᠎ᠡ ᠶᠢᠨ ᠬᠤᠷᠳᠤᠴᠠ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠥᠷᠨᠢᠭᠦᠯᠬᠦ ᠬᠡᠷᠡᠭᠲᠡᠢ᠃ ᠰᠢᠨ᠎ᠡ ᠨᠢᠭᠡ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠰᠦᠯᠵᠢᠶ᠎ᠡ ᠶᠢᠨ ᠬᠤᠳᠠᠯᠳᠤᠭᠠᠴᠢᠯᠠᠭᠰᠠᠨ ᠪᠠ ᠬᠡᠪᠴᠢᠶᠡᠵᠢᠭᠦᠯᠦᠭᠰᠡᠨ ᠬᠡᠷᠡᠭᠯᠡᠯᠲᠡ ᠶᠢ ᠠᠬᠢᠭᠤᠯᠬᠤ ᠬᠡᠷᠡᠭᠲᠡᠢ᠃ ᠳᠠᠭᠠᠭᠤᠯᠢ ᠤᠳᠤᠨ ᠤ ᠮᠡᠳᠡᠭᠡ ᠬᠤᠯᠪᠣᠭ᠎ᠠ᠂ ᠠᠶᠠᠯᠠᠯ ᠵᠠᠯᠠᠭᠤᠷ᠂ ᠠᠯᠤᠰ ᠰᠡᠷᠡᠯ ᠵᠡᠷᠭᠡ ᠣᠷᠣᠨ ᠵᠠᠢ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠲᠦᠭᠡᠮᠡᠯ ᠬᠠᠮᠵᠢᠯᠴᠠᠭᠰᠠᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠬᠥᠭᠵᠢᠭᠦᠯᠬᠦ ᠬᠡᠷᠡᠭᠲᠡᠢ᠃ ᠬᠤᠶᠠᠷ ᠲᠤ᠂ ᠠᠭᠤᠰᠤᠯᠴᠠᠭᠰᠠᠨ ᠰᠠᠭᠤᠷᠢ ᠪᠡᠯᠡᠳᠬᠡᠮᠵᠢ ᠶᠢ ᠲᠣᠭᠲᠠᠭᠤᠨ ᠢᠶᠠᠷ ᠬᠥᠭᠵᠢᠭᠦᠯᠬᠦ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠣᠶ ᠪᠣᠯᠭᠠᠵᠤ᠂ ᠠᠭᠤᠰᠤᠯᠴᠠᠨ ᠨᠡᠪᠲᠡᠷᠡᠯᠴᠡᠭᠦᠯᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ᠂ ᠡᠨᠧᠷᠭᠢ᠂ ᠬᠤᠲᠠ ᠶᠢᠨ ᠶᠠᠪᠤᠳᠠᠯ ᠵᠡᠷᠭᠡ ᠰᠠᠭᠤᠷᠢ ᠪᠡᠯᠡᠳᠬᠡᠮᠵᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠯᠤᠰ ᠵᠠᠶ ᠶᠢᠨ ᠡᠮᠴᠢᠯᠡᠭᠡ᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠬᠡᠷᠡᠭᠲᠡᠢ᠃ ᠭᠤᠷᠪᠠ ᠳᠤ᠂ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠰᠣᠯᠪᠢᠴᠠᠭᠰᠠᠨ ᠤᠷᠢᠳᠠᠴᠢ ᠴᠢᠨᠠᠷᠲᠠᠢ ᠰᠤᠳᠤᠯᠭᠠᠨ ᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠤᠨ ᠨᠡᠶᠢᠲᠡᠯᠢᠭ ᠴᠢᠨᠠᠷᠲᠠᠶ ᠰᠠᠭᠤᠷᠢ ᠮᠡᠷᠭᠡᠵᠢᠯ ᠢ ᠰᠤᠳᠤᠯᠤᠨ ᠨᠡᠭᠡᠭᠡᠬᠦ ᠶᠢ ᠳᠡᠮᠵᠢᠬᠦ ᠬᠡᠷᠡᠭᠲᠡᠢ᠃ ᠨᠡᠭᠡᠭᠡᠯᠲᠡᠲᠦ᠂ ᠲᠤᠰᠬᠠᠶᠢᠵᠢᠭᠰᠠᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠵᠤ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠬᠤ ᠬᠡᠷᠡᠭᠲᠡᠢ᠃ ᠲᠦᠷᠪᠡ ᠳᠤ᠂ ᠤᠯᠠᠨ ᠡᠰᠢᠲᠦ ᠪᠡᠯᠡ ᠣᠷᠣᠭᠤᠯᠤᠯᠲᠠ ᠶᠢ ᠵᠣᠷᠢᠭᠵᠢᠭᠤᠯᠵᠤ᠂ ᠨᠡᠬᠡᠬᠡᠯᠳᠡ ᠬᠢᠵᠦ ᠬᠠᠮᠲᠤᠷᠠᠯᠴᠠᠬᠤ ᠶᠢ ᠠᠬᠢᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠪᠠ ᠬᠢᠯᠢ ᠶᠢᠨ ᠭᠠᠳᠠᠨᠠᠬᠢ ᠬᠦᠷᠦᠩᠭᠡ ᠶᠢᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠳᠤ ᠪᠡᠯᠡ ᠣᠷᠣᠭᠤᠯᠤᠨ ᠠᠵᠢᠯᠯᠠᠭᠤᠯᠤᠨ ᠡᠵᠡᠩᠨᠡᠬᠦ ᠳᠤ ᠣᠷᠣᠯᠴᠠᠬᠤ ᠶᠢ ᠳᠡᠮᠵᠢᠬᠦ ᠬᠡᠷᠡᠭᠲᠡᠢ᠃ ᠬᠤᠯᠪᠣᠭᠳᠠᠯ ᠪᠦᠬᠦᠢ ᠤᠯᠠᠨ ᠤᠯᠤᠰ ᠤᠨ ᠳᠦᠷᠢᠮ ᠪᠠ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠬᠤ ᠬᠡᠷᠡᠭᠲᠡᠢ᠃ ᠲᠠᠪᠤ ᠳᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠤᠰᠤᠨ ᠴᠥᠭᠦᠷᠥᠮ ᠤᠨ ᠠᠮᠤᠷ ᠲᠦᠪᠰᠢᠨ ᠨᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠣᠯᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ ᠪᠣᠯᠬᠤᠷ ᠪᠠᠭᠤᠷᠠᠢ ᠭᠤᠭᠴᠤᠭ᠎ᠠ ᠳᠤ ᠴᠢᠭᠯᠡᠭᠦᠯᠦᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ 2025 ᠣᠨ ᠤ ᠰᠡᠭᠦᠯᠴᠢ ᠠᠴᠠ ᠡᠮᠦᠨ᠎ᠡ ᠤᠳᠤ ᠶᠢᠨ ᠪᠠᠶᠢᠭ᠎ᠠ ᠡᠮᠵᠡᠭ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠪᠦᠬᠦᠨ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ ᠴᠢᠩᠭᠠᠳᠬᠠᠵᠤ᠂ ᠡᠯ᠎ᠡ ᠭᠠᠵᠠᠷ ᠣᠷᠣᠨ ᠢᠯᠠᠩᠭᠤᠶ᠎ᠠ ᠤᠮᠠᠷᠠᠲᠤ ᠣᠷᠣᠨ ᠤ ᠬᠢᠨ ᠣᠳᠣᠬᠠᠨ ᠤ ᠪᠠᠷᠢᠯᠭ᠎ᠠ ᠶᠢᠨ ᠠᠵᠢᠯ ᠤᠨ ᠬᠦᠴᠦᠨ ᠲᠠᠢ ᠬᠤᠭᠤᠴᠠᠭ᠎ᠠ ᠶᠢ ᠡᠵᠡᠮᠳᠡᠵᠦ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠥᠪᠯᠡᠷᠡᠭᠦᠯᠵᠦ᠂ ᠡᠨᠡ ᠵᠢᠯ ᠤᠨ ᠠᠶᠤᠯ ᠢ ᠠᠷᠢᠯᠭᠠᠨ ᠪᠠᠬᠢᠵᠢᠭᠦᠯᠬᠦ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠮᠵᠡᠭ ᠠᠶᠤᠯ ᠤᠨ ᠬᠡᠮᠵᠢᠶ᠎ᠡ ᠪᠠᠷ ᠨᠡᠯᠢᠶᠡᠳ ᠥᠨᠳᠥᠷ᠂ ᠦᠶᠡᠷ ᠢ ᠰᠡᠷᠭᠡᠶᠢᠯᠡᠬᠦ ᠡᠭᠦᠷᠭᠡ ᠪᠠᠷ ᠨᠡᠯᠢᠶᠡᠳ ᠬᠦᠨᠳᠦ ᠤᠰᠤᠨ ᠴᠥᠭᠦᠷᠥᠮ ᠢ ᠤᠷᠢᠳ ᠢᠶᠠᠷ ᠲᠤᠬᠢᠷᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠴᠢᠬᠤᠯᠠ ᠪᠦᠬᠦᠢ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠬᠤᠶᠠᠷ ᠲᠤ᠂ ᠤᠰᠤᠨ ᠴᠥᠭᠦᠷᠥᠮ ᠤᠨ ᠤᠰᠤ ᠬᠠᠩᠭᠠᠬᠤ ᠪᠠ ᠤᠰᠤᠯᠠᠯᠲᠠ ᠬᠢᠬᠦ᠂ ᠦᠶᠡᠷ ᠢ ᠰᠡᠷᠭᠡᠶᠢᠯᠡᠬᠦ ᠦᠶᠡᠷ ᠢ ᠵᠠᠯᠠᠬᠤ᠂ ᠠᠮᠢ ᠠᠬᠤᠶ ᠵᠡᠷᠭᠡ ᠶᠢᠨ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤᠨ ᠴᠥᠭᠦᠷᠥᠮ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠢᠯ ᠤᠨ ᠭᠠᠶ ᠭᠠᠮᠰᠢᠭ ᠪᠠ ᠴᠠᠭ ᠠᠭᠤᠷ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠳᠦᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠭᠤᠣᠯ ᠴᠣᠭᠴᠠ᠂ ᠬᠠᠷᠢᠭᠤᠴᠠᠯᠭ᠎ᠠ ᠵᠢᠴᠢ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ ᠪᠠᠶᠢᠳᠠᠯ ᠢ ᠰᠢᠨᠵᠢᠯᠡᠨ ᠮᠡᠳᠡᠭᠦᠯᠬᠦ ᠪᠠ ᠠᠮᠤᠷ ᠲᠦᠪᠰᠢᠨ ᠢ ᠬᠢᠨᠠᠨ ᠰᠢᠨᠵᠢᠯᠡᠬᠦ ᠵᠡᠷᠭᠡ ᠪᠡᠯᠡᠳᠬᠡᠮᠵᠢ ᠶᠢ ᠴᠢᠩᠭᠠᠳᠬᠠᠵᠤ᠂ ᠪᠠᠴᠢᠮ ᠪᠠᠶᠢᠳᠠᠯ ᠳᠣᠣᠷ᠎ᠠ ᠦᠶᠡᠷ ᠢ ᠵᠠᠯᠠᠬᠤ᠂ ᠬᠥᠮᠦᠨ ᠢ ᠰᠢᠯᠵᠢᠭᠦᠯᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠤᠰᠤᠨ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠤ᠂ ᠠᠷᠠᠳ ᠤᠯᠠᠨ ᠳᠤ ᠪᠤᠶᠠᠨ ᠦᠢᠯᠡᠳᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号