ᠤᠯᠠᠭᠠᠨᠴᠠᠪ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠩᠬᠠᠷᠴᠤ 《 ᠨᠠᠶᠮᠠᠨ ᠰᠠᠷ᠎ᠠ ᠶᠢᠨ ᠲᠡᠷᠭᠡᠯ ᠤᠨ ᠪᠠᠶᠠᠷ 》 ᠤᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2021/9/26
     9 ᠳ᠋ᠦ᠋ᠭᠡᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 《 ᠲᠤᠭ᠎ᠠ ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ 》 ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠤᠭᠴᠤᠭ᠎ᠠ ᠶᠢᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠶᠡᠭᠡ ᠪᠠᠷ ᠴᠢᠩᠭᠠᠳᠬᠠᠵᠤ᠂ ᠪᠠᠶᠠᠷ ᠤᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ  ᠃ ᠪᠦᠬᠦ ᠬᠤᠲᠠ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 38 . 25 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 13571 . 33 ᠲᠦᠮᠡᠨ ᠲᠥᠭᠦᠷᠢᠭ ᠲᠤ ᠬᠦᠷᠴᠡᠢ  ᠃      ᠨᠢᠭᠡ ᠳᠤ᠂ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ ᠡᠯ᠎ᠡ ᠦᠵᠡᠮᠵᠢ ᠶᠢᠨ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠪᠢᠯᠧᠲ ᠵᠠᠬᠢᠶᠠᠯᠠᠨ ᠬᠤᠳᠠᠯᠳᠤᠨ ᠠᠪᠬᠤ ᠲᠦᠷᠢᠮ ᠢ ᠬᠡᠷᠡᠭᠵᠢᠭᠦᠯᠵᠦ᠂ ᠵᠢᠭᠤᠯᠴᠢᠯᠠᠭᠴᠢᠳ ᠭᠠᠷ ᠤᠲᠠᠰᠤ᠂ ᠤᠲᠠᠰᠤ᠂ ᠦᠵᠡᠮᠵᠢ ᠶᠢᠨ ᠣᠷᠣᠨ ᠤ ᠬᠠᠮᠲᠤᠷᠠᠯᠴᠠᠭᠠᠨ ᠤ ᠵᠢᠭᠤᠯᠴᠢᠯᠠᠯ ᠤᠨ ᠰᠦᠯᠵᠢᠶ᠎ᠡ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠪᠢᠯᠧᠲ ᠬᠤᠲᠠᠯᠲᠤᠨ ᠠᠪᠤᠨ᠎ᠠ᠃ 《  ᠤᠷᠢᠳᠴᠢᠯᠠᠨ ᠪᠣᠯᠵᠣᠬᠤ᠂ ᠬᠡᠮᠵᠢᠶ᠎ᠡ ᠶᠢ ᠬᠢᠵᠠᠭᠠᠷᠯᠠᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ 》 《 ᠨᠢᠭᠡ ᠮᠧᠲᠷ ᠤᠨ ᠱᠤᠭᠤᠮ 》 ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠮᠵᠢ ᠶᠢᠨ ᠣᠷᠣᠨ ᠨᠢ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 75 % ᠠᠴᠠ ᠬᠡᠲᠦᠷᠡᠬᠦ ᠥᠬᠡᠶ ᠪᠠᠷᠢᠮᠵᠢᠶ᠎ᠠ ᠪᠠᠷ ᠵᠢᠭᠤᠯᠴᠢᠯᠠᠭᠴᠢᠳ ᠤᠨ ᠤᠷᠤᠰᠬᠠᠯ ᠢ ᠡᠵᠡᠮᠳᠡᠵᠦ᠂ ᠴᠤᠭᠯᠠᠷᠠᠯ ᠤᠨ ᠴᠢᠨᠠᠷᠲᠠᠶ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ  ᠃ ᠵᠢᠭᠤᠯᠴᠢᠯᠠᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠵᠢᠭᠤᠯᠴᠢᠯᠠᠭᠴᠢᠳ ᠤᠨ ᠮᠡᠳᠡᠭᠡ ᠵᠠᠩᠭᠢ ᠶᠢ ᠳᠠᠩᠰᠠᠯᠠᠬᠤ ᠪᠠ ᠪᠡᠶ᠎ᠡ ᠶᠢᠨ ᠳᠤᠯᠠᠭᠠᠨ ᠢ ᠲᠡᠮᠳᠡᠭᠯᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ  ᠃ ᠦᠵᠡᠮᠵᠢ ᠶᠢᠨ ᠣᠷᠣᠨ ᠤ ᠨᠢᠭᠡᠴᠢ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢ ᠨᠡᠮᠡᠵᠦ᠂ ᠦᠵᠡᠮᠵᠢ ᠶᠢᠨ ᠣᠷᠣᠨ ᠤ ᠠᠵᠢᠯᠲᠠᠳ ᠤᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠪᠦᠷᠢᠨ ᠭᠦᠶᠴᠡᠳ ᠪᠠᠶᠢᠬᠤ ᠶᠢ ᠪᠠᠲᠤᠯᠠᠵᠤ᠂ ᠦᠵᠡᠮᠵᠢ ᠶᠢᠨ ᠣᠷᠣᠨ ᠤ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠢ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠬᠦ ᠬᠡᠷᠡᠭᠲᠡᠶ  ᠃      ᠬᠤᠶᠠᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠪᠠ  ᠃ ᠪᠠᠶᠠᠷ ᠠᠴᠠ ᠡᠮᠦᠨ᠎ᠡ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠤᠨ ᠲᠣᠪᠴᠢᠶ᠎ᠠ 2021 ᠣᠨ ᠤ ᠨᠠᠶᠮᠠᠨ ᠰᠠᠷ᠎ᠠ ᠶᠢᠨ ᠲᠡᠷᠭᠡᠯ ᠤᠨ ᠪᠠᠶᠠᠷ᠂ ᠤᠯᠤᠰ ᠤᠨ ᠪᠠᠶᠠᠷ ᠤᠨ ᠠᠮᠠᠷᠠᠯᠲᠠ  ᠶᠢᠨ ᠡᠳᠦᠷ ᠤᠨ ᠠᠶᠤᠯ ᠦᠭᠡᠢ ᠦᠶᠯᠡᠳᠪᠦᠷᠢᠯᠡᠯ ᠪᠠ ᠵᠠᠬ᠎ᠠ ᠳᠡᠯᠭᠡᠭᠦᠷ ᠤᠨ ᠠᠵᠢᠯ ᠤᠨ ᠬᠤᠷᠠᠯ ᠬᠤᠷᠠᠯᠳᠤᠭᠤᠯᠵᠤ ᠠᠵᠢᠯ ᠢᠶᠠᠨ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠤᠭᠰᠠᠨ ᠪᠥᠭᠡᠳ 《 2021 ᠣᠨ ᠤ ᠨᠠᠶᠮᠠᠨ ᠰᠠᠷ᠎ᠠ  ᠶᠢᠨ ᠲᠡᠷᠭᠡᠯ ᠤᠨ ᠪᠠᠶᠠᠷ᠂ ᠤᠯᠤᠰ ᠤᠨ ᠪᠠᠶᠠᠷ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ  ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠤᠪᠴᠢᠶᠠᠨ ᠤ ᠮᠡᠳᠡᠭᠳᠡᠯ 》 ᠢ ᠳᠠᠷᠤᠮᠠᠯᠯᠠᠨ ᠲᠠᠷᠬᠠᠭᠠᠪᠠ  ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠳᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶᠠᠨ ᠤ ᠤᠳᠤᠷᠢᠳᠤᠯᠭ᠎ᠠ ᠦᠵᠡᠮᠵᠢ ᠶᠢᠨ ᠣᠷᠣᠨ ᠢ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠣᠪᠴᠢᠶᠠᠨ ᠤ ᠭᠤᠣᠯ ᠤᠳᠤᠷᠢᠳᠤᠯᠭ᠎ᠠ  9 ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠠᠶᠢᠭᠤᠯᠤᠨ ᠲᠠᠭᠠᠭᠤᠯᠵᠤ  ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠪᠣᠯᠤᠨ ᠦᠵᠡᠮᠵᠢ ᠶᠢᠨ ᠣᠷᠣᠨ ᠳᠤ ᠬᠦᠷᠴᠦ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠪᠠ᠃ ᠬᠤᠲᠠ  ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 4 ᠪᠠᠶᠢᠴᠠᠭᠠᠬᠤ ᠳᠤᠭᠤᠶᠢᠯᠠᠩ ᠪᠦᠷᠢᠯᠳᠦᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠣᠯᠤᠨ ᠭᠤᠤᠯᠳᠠᠯᠭ᠎ᠠ  ᠲᠠᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠠᠯᠠᠪᠤᠷ ᠲᠤ ᠬᠢᠨᠠᠨ ᠵᠢᠯᠣᠭᠤᠳᠬᠤ᠂ ᠪᠠᠶᠢᠴᠠᠭᠠᠬᠤ ᠪᠠ ᠦᠶᠯᠡᠴᠢᠯᠡᠬᠦ ᠠᠵᠢᠯ ᠦᠷᠨᠢᠭᠦᠯᠪᠡ᠃      ᠭᠤᠷᠪᠠ ᠳᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠪᠠ᠃ ᠨᠠᠶᠮᠠᠨ ᠰᠠᠷ᠎ᠠ ᠶᠢᠨ ᠲᠡᠷᠭᠡᠯ ᠤᠨ ᠪᠠᠶᠠᠷ ᠤᠨ ᠬᠤᠭᠤᠴᠠᠭᠠᠨ ᠳᠤ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠶᠮᠠᠨ ᠰᠠᠷ᠎ᠠ ᠶᠢᠨ ᠲᠡᠷᠭᠡᠯ ᠤᠨ ᠪᠠᠶᠠᠷ ᠢ ᠤᠭᠲᠤᠵᠤ ᠤᠯᠤᠰ ᠤᠨ ᠪᠠᠶᠠᠷ ᠢ ᠪᠡᠯᠭᠡᠯᠡᠬᠦ ᠰᠢ ᠵᠦᠴᠦᠭᠡ ᠶᠢᠨ ᠰᠣᠳᠣᠨ ᠲᠣᠭᠯᠠᠯᠲᠠ ᠶᠢ ᠡᠷᠭᠢᠯᠡᠵᠦ᠂ ᠲᠦᠮᠡ ᠰᠢᠬᠠᠮ ᠬᠥᠮᠦᠨ ᠳᠤ ᠬᠦᠷᠭᠡᠪᠡ᠃ ᠡᠭᠦᠨ ᠤ ᠬᠠᠮᠲᠤ᠂ ᠪᠥᠬᠦ ᠬᠤᠲᠠ ᠶᠢᠨ ᠭᠤᠤᠯᠳᠠᠯᠭ᠎ᠠ ᠲᠠᠢ ᠦᠵᠡᠮᠵᠢ ᠶᠢᠨ ᠣᠷᠣᠨ ᠳᠤ 《 ᠵᠢᠷᠭᠤᠭ᠎ᠠ ᠶᠢ ᠣᠷᠣᠭᠤᠯᠬᠤ 》ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠬᠡᠷᠡᠭᠯᠡᠭᠡ ᠶᠢ ᠳᠠᠶᠢᠴᠢᠯᠠᠨ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ᠂ ᠠᠷᠠᠳ ᠣᠯᠠᠨ ᠳᠤ ᠤᠷᠠᠯᠢᠭ᠂ ᠰᠣᠶᠣᠯ ᠤᠨ ᠡᠭᠦᠳᠦᠯᠲᠡ᠂ ᠵᠢᠭᠤᠯᠴᠢᠯᠠᠯ ᠤᠨ ᠲᠠᠸᠠᠷ᠂ ᠪᠣᠳᠠᠰ ᠤᠨ ᠪᠤᠰᠤ ᠰᠣᠶᠣᠯ ᠤᠨ ᠥᠪ᠂ ᠨᠣᠮ ᠪᠢᠴᠢᠭ ᠤᠨ ᠷᠢᠳᠢ ᠰᠢᠳᠢ ᠶᠢ ᠨᠠᠩ ᠰᠠᠶᠢᠨ ᠡᠳ᠋ᠯᠡᠭᠦᠯᠦᠭᠰᠡᠨ ᠪᠠᠶᠢᠨ᠎ᠠ  ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号