ᠠᠯᠠᠱᠠ ᠠᠶᠢᠮᠠᠭ ᠤᠨ ᠤᠶᠤᠨᠲᠤ ᠰᠣᠶᠣᠯ ᠵᠢᠭᠤᠯᠴᠢᠯᠠᠯ ᠤᠨ ᠵᠢᠯᠣᠭᠤᠳᠬᠤ ᠲᠥᠪ ᠢ ᠪᠥᠲᠥᠭᠡᠨ ᠪᠠᠶᠢᠭᠤᠯᠬᠤ ᠠᠵᠢᠯ ᠲᠠᠭᠤᠰᠴᠤ᠂ ᠠᠷᠪᠠᠨ ᠰᠠᠷ᠎ᠠ ᠶᠢᠨ ᠨᠢᠭᠡᠨ ᠤ ᠰᠢᠵᠢᠷ ᠠᠯᠲᠠᠨ ᠭᠠᠷᠠᠭ ᠲᠤ ᠣᠶᠤᠨᠴᠢ ᠬᠠᠮᠢᠶᠠᠷᠤᠯᠲᠠ ᠪᠠ ᠦᠶᠯᠡᠴᠢᠯᠡᠭᠡ ᠬᠠᠩᠭᠠᠬᠤ ᠪᠣᠯᠤᠨ᠎ᠠ
ᠨᠡᠶᠢᠲᠡᠯᠡᠭᠰᠡᠨ ᠴᠠᠭ᠄
2021/9/26
     ᠣᠶᠢᠷ᠎ᠠ ᠳᠤ᠂ ᠠᠯᠠᠱᠠ ᠠᠶᠢᠮᠠᠭ ᠤᠨ ᠤᠶᠤᠨᠲᠤ ᠰᠣᠶᠣᠯ ᠵᠢᠭᠤᠯᠴᠢᠯᠠᠯ ᠤᠨ ᠵᠢᠯᠣᠭᠤᠳᠬᠤ ᠲᠥᠪ ᠢ ᠪᠠᠶᠢᠭᠤᠯᠤᠨ ᠳᠠᠭᠤᠰᠬᠠᠭᠰᠠᠨ ᠪᠥᠭᠡᠳ ᠲᠤᠷᠰᠢᠨ ᠠᠵᠢᠯᠯᠠᠭᠤᠯᠵᠤ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠦᠨ ᠵᠢᠶᠠᠨ ᠵᠢᠶᠦ᠋ᠨ ᠠᠵᠢᠯ ᠢ ᠪᠠᠶᠢᠴᠠᠭᠠᠨ ᠵᠢᠯᠣᠭᠤᠳᠪᠠ  ᠃      ᠠᠯᠠᠱᠠ ᠠᠶᠢᠮᠠᠭ ᠤᠨ ᠤᠶᠤᠨᠲᠤ ᠰᠣᠶᠣᠯ ᠵᠢᠭᠤᠯᠴᠢᠯᠠᠯ ᠤᠨ ᠵᠢᠯᠣᠭᠤᠳᠬᠤ ᠲᠥᠪ ᠪᠣᠯ ᠪᠥᠬᠦ ᠠᠶᠢᠮᠠᠭ ᠤᠨ ᠤᠶᠤᠨᠲᠤ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠤᠨ ᠶᠡᠷᠦᠩᠬᠡᠶᠢᠯᠡᠨ ᠬᠡᠷᠡᠭᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠪᠥᠬᠦ ᠤᠷᠤᠨ ᠪᠦᠰᠡ ᠶᠢᠨ ᠵᠢᠭᠤᠯᠴᠢᠯᠠᠯ᠂ ᠠᠵᠤ ᠦᠶᠯᠡᠰ ᠤᠨ ᠬᠢᠨᠠᠨ ᠬᠡᠮᠵᠢᠯᠲᠡ᠂ ᠦᠵᠡᠮᠵᠢ ᠶᠢᠨ ᠣᠷᠣᠨ ᠤ ᠬᠠᠮᠢᠶᠠᠷᠤᠯᠲᠠ ᠡᠵᠡᠮᠳᠡᠯ  ᠂ ᠵᠢᠭᠤᠯᠴᠢᠯᠠᠭᠴᠢᠳ ᠤᠨ ᠵᠢᠭᠤᠯᠴᠢᠯᠠᠯ ᠳᠤ  ᠦᠷᠲᠡᠭᠡᠴᠢᠯᠡᠭᠰᠡᠨ ᠬᠡᠯᠪᠡᠷᠢ ᠶᠢᠨ ᠬᠠᠮᠢᠶᠠᠷᠤᠯᠲᠠ ᠪᠠ ᠪᠦᠷᠢᠨ ᠦᠶᠯᠡᠴᠢᠯᠡᠭᠡ ᠬᠠᠩᠭᠠᠬᠤ ᠪᠣᠯᠤᠨ᠎ᠠ᠃ ᠵᠢᠯᠣᠭᠤᠳᠬᠤ ᠲᠥᠪ ᠨᠢ ᠦᠵᠡᠮᠵᠢ ᠶᠢᠨ ᠣᠷᠣᠨ ᠪᠠ ᠭᠤᠤᠯᠳᠠᠯᠭ᠎ᠠ ᠲᠠᠢ ᠰᠣᠶᠣᠯ ᠤᠨ ᠲᠠᠯᠠᠪᠤᠷ ᠣᠷᠳᠣᠨ ᠤ ᠬᠢᠨᠠᠨ ᠡᠵᠡᠮᠳᠡᠬᠦ  ᠲᠤᠷᠠᠨ ᠢ ᠵᠠᠯᠭᠠᠨ᠂ ᠬᠢᠨᠠᠨ ᠡᠵᠡᠮᠳᠡᠬᠦ ᠲᠣᠮᠣ ᠳᠡᠯᠭᠡᠴᠡ ᠨᠢ 200 ᠭᠠᠷᠤᠶ ᠵᠠᠮ ᠤᠨ ᠥᠨᠳᠥᠷ ᠲᠣᠳᠣᠴᠠᠲᠤ ᠬᠢᠨᠠᠨ ᠡᠵᠡᠮᠳᠡᠯ ᠢ ᠴᠠᠭ ᠲᠤᠬᠠᠶ ᠳᠤ ᠨᠢ  ᠰᠤᠯᠪᠢᠴᠠᠭᠤᠯᠤᠨ᠂ ᠮᠠᠦ᠋ᠰ ᠢ ᠠᠵᠢᠯᠯᠠᠭᠤᠯᠤᠭᠰᠠᠭᠠᠷ ᠬᠢᠨᠠᠨ ᠡᠵᠡᠮᠳᠡᠬᠦ ᠲᠤᠷᠠᠨ ᠢᠶᠠᠷ ᠲᠠᠮᠵᠢᠨ ᠡᠯ᠎ᠡ ᠦᠵᠡᠮᠵᠢ ᠶᠢᠨ ᠣᠷᠣᠨ᠂ ᠦᠵᠡᠮᠵᠢ ᠶᠢᠨ ᠭᠠᠵᠠᠷ ᠤᠨ ᠠᠶᠠᠨᠴᠢᠳ ᠤᠨ ᠤᠷᠤᠰᠬᠠᠯ᠂ ᠲᠡᠷᠭᠡᠨ ᠤ ᠤᠷᠤᠰᠬᠠᠯ᠂ ᠣᠷᠴᠢᠨ ᠲᠣᠭᠤᠷᠢᠨ ᠂ ᠠᠮᠤᠷ ᠲᠦᠪᠰᠢᠨ᠂ ᠦᠶᠯᠡᠴᠢᠯᠡᠭᠡ ᠵᠡᠷᠭᠡ ᠶᠢᠨ ᠲᠤᠬᠠᠶ ᠶᠢᠨ ᠪᠠᠶᠢᠳᠠᠯ ᠢ ᠴᠠᠭ ᠲᠤᠬᠠᠶ ᠳᠤ ᠨᠢ ᠤᠶᠢᠯᠠᠭᠠᠨ ᠡᠵᠡᠮᠳᠡᠵᠦ᠂ ᠦᠵᠡᠮᠵᠢ ᠶᠢᠨ ᠣᠷᠣᠨ ᠪᠠ ᠰᠣᠶᠣᠯ ᠤᠨ ᠲᠠᠯᠠᠪᠤᠷ ᠣᠷᠳᠣᠨ ᠤ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠵᠢᠭᠤᠯᠴᠢᠯᠠᠬᠤ ᠶᠢ ᠪᠥᠬᠦ ᠲᠠᠯ᠎ᠠ ᠪᠠᠷ ᠡᠵᠡᠮᠳᠡᠬᠦ ᠪᠠ ᠴᠠᠭ ᠲᠤᠬᠠᠶ ᠳᠤ ᠨᠢ ᠲᠣᠬᠢᠷᠠᠭᠤᠯᠬᠤ ᠵᠢᠴᠢ ᠠᠶᠤᠯᠭᠦᠢ ᠦᠶᠯᠡᠳᠪᠦᠷᠢᠯᠡᠯ ᠢ ᠪᠥᠬᠦ ᠲᠠᠯ᠎ᠠ ᠪᠠᠷ ᠬᠢᠨᠠᠨ ᠡᠵᠡᠮᠳᠡᠬᠦ ᠶᠢ ᠪᠡᠶᠡᠯᠡᠭᠦᠯᠵᠦ ᠴᠢᠳᠠᠨ᠎ᠠ  ᠃      ᠵᠢᠯᠣᠭᠤᠳᠬᠤ ᠲᠥᠪ ᠪᠠᠰᠠ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠦᠭᠵᠢᠯᠲᠡ  ᠶᠢᠨ ᠣᠯᠤᠭᠰᠠᠨ ᠠᠮᠵᠢᠯᠲᠠ ᠪᠦᠲᠦᠮᠵᠢ ᠵᠢᠴᠢ ᠰᠣᠶᠣᠯ ᠪᠠ ᠵᠢᠭᠤᠯᠴᠢᠯᠠᠯ ᠤᠨ ᠣᠶᠤᠨᠴᠢᠯᠠᠭᠰᠠᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠬᠤᠯᠠ ᠦᠷ᠎ᠡ ᠪᠦᠲᠦᠭᠡᠯ ᠢ ᠳᠡᠯᠭᠡᠨ ᠦᠵᠡᠭᠦᠯᠪᠡ  ᠃      ᠰᠦᠨ ᠵᠢᠶᠠᠨ ᠵᠢᠶᠦ᠋ᠨ ᠵᠢᠯᠣᠭᠤᠳᠬᠤ ᠲᠥᠪ ᠢ ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠄ ᠠᠷᠪᠠᠨ ᠰᠠᠷ᠎ᠠ ᠶᠢᠨ ᠨᠢᠭᠡᠨ ᠤ ᠰᠢᠵᠢᠷ ᠠᠯᠲᠠᠨ ᠭᠠᠷᠠᠭ ᠤᠳᠠᠯ ᠥᠬᠡᠶ ᠬᠦᠷᠴᠦ ᠢᠷᠡᠬᠦ ᠪᠣᠯᠤᠯ᠎ᠠ᠂ ᠵᠢᠭᠤᠯᠴᠢᠯᠠᠯ ᠤᠨ ᠣᠷᠭᠢᠯ ᠴᠠᠭ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠣᠶᠤᠨᠴᠢ ᠰᠣᠶᠣᠯ ᠵᠢᠭᠤᠯᠴᠢᠯᠠᠯ ᠤᠨ ᠵᠢᠯᠣᠭᠤᠳᠬᠤ ᠲᠥᠪ ᠨᠢ ᠣᠶᠤᠨᠴᠢ ᠬᠠᠮᠢᠶᠠᠷᠤᠯᠲᠠ ᠪᠠ ᠦᠶᠯᠡᠴᠢᠯᠡᠭᠡᠨ ᠤ ᠴᠢᠳᠠᠮᠵᠢ ᠪᠠᠨ ᠭᠦᠶᠴᠡᠳ ᠪᠠᠳᠠᠷᠠᠭᠤᠯᠵᠤ᠂ ᠦᠵᠡᠮᠵᠢ ᠶᠢᠨ ᠣᠷᠣᠨ ᠤ ᠣᠶᠤᠨᠴᠢ ᠬᠠᠮᠢᠶᠠᠷᠤᠯᠲᠠ ᠶᠢ ᠪᠡᠶᠡᠯᠡᠭᠦᠯᠬᠦ ᠳᠤ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠵᠤ᠂ ᠵᠢᠭᠤᠯᠴᠢᠯᠠᠭᠴᠢᠳ ᠲᠤ ᠨᠠᠩ ᠳᠥᠭᠦᠮ ᠳᠥᠲᠡ ᠥᠪᠡᠷᠮᠢᠴᠡ ᠦᠶᠯᠡᠴᠢᠯᠡᠭᠡ ᠬᠠᠩᠭᠠᠬᠤ ᠬᠡᠷᠡᠭᠲᠡᠶ  ᠃ ᠨᠢᠭᠡ ᠳᠤ᠂ ᠭᠡᠨᠡᠳᠲᠡ ᠶᠢᠨ ᠬᠡᠷᠡᠭ ᠢ ᠲᠤᠬᠠᠶ ᠶᠢᠨ ᠲᠠᠯᠠᠪᠤᠷ ᠲᠤᠨᠢ ᠰᠢᠶᠳᠪᠦᠷᠢᠯᠡᠬᠦ ᠶᠢ ᠠᠯᠤᠰ ᠠᠴᠠ ᠰᠢᠮᠳᠠᠭᠤᠯᠤᠨ ᠵᠢᠯᠣᠭᠤᠳᠴᠤ ᠬᠠᠮᠢᠶᠠᠷᠤᠨ᠂ ᠦᠵᠡᠮᠵᠢ ᠶᠢᠨ ᠣᠷᠣᠨ᠂ ᠰᠣᠶᠣᠯ  ᠤᠨ ᠲᠠᠯᠠᠪᠤᠷ ᠣᠷᠳᠣᠨ ᠢ ᠵᠢᠯᠣᠭᠤᠳᠴᠤ ᠪᠠᠶᠢᠭᠠᠳ ᠲᠡᠷᠭᠡ ᠬᠥᠰᠬᠡ ᠶᠢ ᠰᠠᠯᠭᠠᠨ ᠭᠠᠷᠭᠠᠬᠤ᠂ ᠠᠵᠢᠯᠲᠠᠨ ᠢ ᠲᠠᠷᠬᠠᠭᠠᠨ ᠶᠠᠪᠤᠭᠤᠯᠬᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠵᠢᠭᠤᠯᠴᠢᠯᠠᠭᠴᠢᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ  ᠢ ᠪᠠᠲᠤᠯᠠᠨ᠎ᠠ  ᠃ ᠬᠤᠶᠠᠷ ᠲᠤ᠂ ᠦᠵᠡᠮᠵᠢ ᠶᠢᠨ ᠣᠷᠣᠨ ᠪᠣᠯᠤᠨ ᠭᠤᠣᠯᠳᠠᠯᠭ᠎ᠠ ᠲᠠᠢ ᠰᠣᠶᠣᠯ ᠤᠨ ᠲᠠᠯᠠᠪᠤᠷ ᠣᠷᠳᠣᠨ ᠤ ᠬᠥᠮᠦᠨ ᠬᠠᠷ᠎ᠠ ᠶᠠᠪᠤᠵᠤ ᠰᠠᠭᠤᠬᠤ ᠪᠠᠶᠢᠳᠠᠯ᠂ ᠵᠢᠭᠤᠯᠴᠢᠯᠠᠬᠴᠢᠳ ᠤᠨ ᠨᠢᠭᠲᠠᠴᠠ᠂ ᠣᠷᠣᠵᠤ ᠭᠠᠷᠬᠤ ᠵᠢᠭᠤᠯᠴᠢᠯᠠᠭᠴᠢᠳ ᠤᠨ ᠲᠤᠭ᠎ᠠ ᠵᠡᠷᠭᠡ ᠶᠢ ᠴᠠᠭ ᠲᠤᠬᠠᠢ   ᠳᠤ ᠨᠢ ᠬᠢᠨᠠᠨ ᠡᠵᠡᠮᠳᠡᠵᠦ᠂  ᠵᠢᠭᠤᠯᠴᠢᠯᠠᠭᠴᠢᠳ ᠤᠨ ᠲᠤᠭ᠎ᠠ ᠶᠢ ᠴᠢᠩᠭ᠎ᠠ ᠡᠵᠡᠮᠳᠡᠵᠦ᠂ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠣᠷᠳᠣᠨ ᠤ ᠬᠠᠮᠢᠶᠠᠷᠤᠯᠲᠠ ᠲᠤᠬᠢᠷᠠᠭᠤᠯᠭ᠎ᠠ ᠡᠵᠡᠮᠳᠡᠯ ᠤᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ  ᠃ ᠭᠤᠷᠪᠠ ᠳᠤ  ᠂《 ᠭᠠᠷ ᠤᠲᠠᠰᠤ ᠪᠠᠷ ᠠᠯᠠᠱᠠ ᠪᠠᠷ ᠠᠶᠠᠯᠠᠬᠤ》 ᠲᠠᠪᠴᠠᠩ ᠢᠶᠠᠷ ᠳᠠᠮᠵᠢᠭᠤᠯᠤᠨ ᠵᠢᠭᠤᠯᠴᠢᠯᠠᠭᠴᠢᠳ ᠲᠤ ᠦᠵᠡᠮᠵᠢ ᠶᠢᠨ ᠣᠷᠣᠨ ᠤ ᠴᠠᠭ ᠬᠤᠪᠢᠶᠠᠨ ᠪᠣᠯᠵᠣᠬᠤ᠂ ᠤᠶᠤᠨᠲᠤ ᠵᠠᠮᠴᠢᠯᠠᠭᠴᠢ  ᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠬᠤ᠂ ᠵᠢᠭᠤᠯᠴᠢᠯᠠᠯ ᠤᠨ ᠵᠠᠮ ᠱᠤᠭᠤᠮ ᠢ ᠲᠠᠨᠢᠯᠴᠠᠭᠤᠯᠬᠤ ᠵᠡᠷᠭᠡ ᠪᠦᠷᠢᠨ ᠦᠶᠯᠡᠴᠢᠯᠡᠭᠡ ᠬᠠᠩᠭᠠᠵᠤ᠂ ᠵᠢᠭᠤᠯᠴᠢᠯᠠᠭᠴᠢᠳ  ᠲᠤ ᠨᠠᠩ ᠣᠯᠠᠨ ᠶᠠᠪᠤᠵᠤ ᠰᠠᠭᠤᠬᠤ ᠳᠤ  ᠲᠤᠰᠠᠯᠠᠮᠵᠢ ᠪᠤᠯᠬᠤ ᠮᠡᠳᠡᠭᠡ ᠵᠠᠩᠭᠢ ᠬᠠᠩᠭᠠᠵᠤ᠂ ᠵᠢᠭᠤᠯᠴᠢᠯᠠᠭᠴᠢᠳ ᠤᠨ ᠴᠠᠭ ᠢ ᠠᠷᠪᠢᠯᠠᠬᠤ ᠮᠥᠷᠲᠡᠭᠡᠨ ᠪᠡᠶᠡᠴᠢᠯᠡᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号