ᠦᠬᠠᠶ ᠬᠤᠲᠠ ᠪᠣᠯᠤᠨ ᠵᠢᠶᠠᠩ ᠮᠧᠨ ᠬᠤᠲᠠ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠣᠯᠢᠯᠴᠠᠨ ᠬᠠᠮᠵᠢᠯᠴᠠᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/9/28
     9 ᠳ᠋ᠦ᠋ᠭᠡᠷ ᠰᠠᠷ᠎ᠠ ᠶᠢᠨ 23 ᠤ ᠡᠲᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠵᠢᠶᠠᠩ ᠮᠧᠨ ᠬᠤᠲᠠ ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠵᠢᠯ ᠲᠥᠷᠥᠯ ᠤᠨ ᠰᠣᠯᠢᠯᠴᠠᠭ᠎ᠠ ᠬᠠᠮᠵᠢᠯᠴᠠᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠰᠠᠭᠤᠳᠠᠯ ᠤᠨ ᠬᠤᠷᠠᠯ ᠬᠤᠷᠠᠯᠳᠤᠭᠤᠯᠪᠠ  ᠃
     ᠬᠤᠷᠠᠯ ᠳᠡᠭᠡᠷ᠎ᠡ᠂ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠵᠢᠶᠠᠩ ᠮᠧᠨ ᠬᠤᠲᠠ ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠤᠨ ᠪᠠᠶᠢᠭᠤᠯᠭ᠎ᠠ  ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ᠂ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠵᠢᠯ ᠤᠨ ᠪᠠᠶᠢᠳᠠᠯ ᠢᠶᠠᠨ ᠲᠠᠨᠢᠯᠴᠠᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠶᠠᠪᠤᠴᠠ ᠳᠤ ᠬᠢ ᠲᠤᠷᠰᠢᠯᠭ᠎ᠠ ᠵᠢᠴᠢ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠰᠠᠨᠠᠯ ᠰᠣᠯᠢᠯᠴᠠᠵᠤ᠂ ᠰᠢᠨ᠎ᠡ ᠪᠠᠷ ᠮᠠᠨᠳᠤᠭᠰᠠᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠵᠢᠴᠢ ᠬᠠᠤᠯᠢ ᠬᠡᠷᠡᠭᠵᠢᠭᠦᠯᠦᠯᠲᠡ ᠶᠢ ᠰᠤᠳᠤᠯᠤᠨ ᠶᠠᠷᠢᠯᠴᠠᠭᠰᠠᠨ ᠪᠥᠭᠡᠳ ᠬᠡᠷᠬᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠪᠠᠲᠤᠯᠠᠬᠤ᠂ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ  ᠃      ᠬᠤᠷᠠᠯ ᠳᠡᠭᠡᠷ᠎ᠡ 《 2021— 2023 ᠣᠨ ᠤ ᠭᠤᠸᠠᠩᠳᠦ᠋ᠩ ᠮᠤᠵᠢ ᠶᠢᠨ ᠵᠢᠶᠠᠩ ᠮᠧᠨ ᠬᠤᠲᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ  ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠣᠯᠢᠯᠴᠠᠨ ᠬᠠᠮᠵᠢᠯᠴᠠᠬᠤ ᠰᠠᠨᠠᠮᠵᠢ ᠶᠢᠨ ᠪᠢᠴᠢᠭ 》 ᠲᠤ ᠭᠠᠷ ᠤᠨ ᠥᠰᠥᠭ ᠵᠢᠷᠤᠵᠤ᠂ ᠬᠤᠶᠠᠷ ᠬᠤᠲᠠ ᠶᠢᠨ ᠠᠵᠢᠯ ᠲᠥᠷᠥᠯ  ᠤᠨ ᠰᠢᠰᠲ᠋ᠧᠮ ᠢᠶᠠᠷ ᠢᠶᠠᠨ ᠰᠣᠯᠢᠯᠴᠠᠬᠤ ᠠᠵᠢᠯ ᠤᠨ ᠬᠠᠷᠠᠯᠲᠠ ᠡᠭᠦᠷᠭᠡ᠂ ᠰᠣᠯᠢᠯᠴᠠᠨ ᠬᠠᠮᠵᠢᠯᠴᠠᠬᠤ ᠠᠭᠤᠯᠭ᠎ᠠ ᠪᠠ ᠠᠬᠢᠭᠤᠯᠤᠨ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠲᠠᠯ᠎ᠠ ᠪᠠᠷ ᠵᠥᠪᠳᠡᠯᠴᠡᠬᠡᠷ ᠲᠣᠭᠲᠠᠵᠤ᠂ ᠬᠤᠶᠢᠰᠢᠳᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠣᠯᠢᠯᠴᠠᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠳᠤ ᠰᠠᠶᠢᠨ ᠰᠠᠶᠢᠬᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ  ᠃      ᠬᠤᠷᠠᠯ ᠠᠴᠠ᠂ ᠦᠬᠠᠢ ᠬᠤᠳᠠ᠂ ᠵᠢᠶᠠᠩ ᠮᠧᠨ ᠬᠤᠳᠠ ᠶᠢᠨ ᠰᠣᠶᠣᠯ ᠤᠨ ᠬᠠᠤᠯᠢ ᠬᠡᠷᠡᠭᠵᠢᠭᠦᠯᠦᠯᠲᠡ ᠶᠢᠨ ᠠᠵᠢᠯ ᠲᠦᠷᠦᠯ ᠢᠶᠠᠷ ᠢᠶᠠᠨ ᠰᠣᠯᠢᠯᠴᠠᠨ ᠬᠠᠮᠵᠢᠯᠴᠠᠬᠤ ᠡᠨᠡ ᠬᠦ ᠣᠯᠳᠠᠰᠢ ᠦᠭᠡᠢ ᠠᠵᠠ ᠲᠣᠬᠢᠶᠠᠯ ᠢ ᠨᠠᠨᠳᠢᠩᠨᠠᠨ ᠰᠠᠶᠢᠲᠤᠷ ᠠᠰᠢᠭᠯᠠᠵᠤ᠂ ᠵᠣᠯᠭᠠᠭᠤᠯᠬᠤ ᠪᠠ ᠵᠣᠬᠢᠴᠠᠭᠤᠯᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠬᠠᠷᠢᠯᠴᠠᠨ ᠰᠤᠷᠤᠯᠴᠠᠨ ᠰᠣᠯᠢᠯᠴᠠᠵᠤ᠂ ᠠᠵᠢᠯ ᠲᠦᠷᠦᠯ ᠢᠶᠠᠷ ᠢᠶᠠᠨ ᠬᠠᠮᠵᠢᠯᠴᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ  ᠃ ᠰᠣᠯᠢᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠤᠷᠢᠵᠤ ᠣᠷᠣᠭᠤᠯᠬᠤ᠂ ᠭᠠᠷᠴᠤ ᠶᠠᠪᠤᠬᠤ᠂ ᠬᠡᠷᠡᠭ ᠢᠶᠠᠷ ᠪᠤᠯᠪᠠᠰᠤᠷᠠᠯ ᠢ ᠣᠷᠣᠯᠠᠭᠤᠯᠬᠤ ᠵᠡᠷᠭᠡ ᠠᠷᠭ᠎ᠠ ᠶᠢ ᠠᠪᠴᠤ᠂ ᠬᠠᠷᠢᠯᠴᠠᠨ ᠡᠳᠦᠷ ᠲᠤᠲᠤᠮ ᠤᠨ ᠠᠵᠢᠯ ᠬᠢᠭᠡᠳ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠵᠤ᠂ ᠴᠢᠭ ᠢᠶᠠᠷ ᠨᠡᠶᠢᠳᠡᠮ ᠢ ᠳᠠᠶᠢᠴᠢᠯᠠᠵᠤ᠂ ᠬᠤᠶᠠᠷ ᠲᠠᠯ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠠᠵᠢᠯᠯᠠᠭᠠᠨ ᠤ ᠬᠤᠭᠤᠴᠠᠭᠠᠨ ᠳᠤ᠂ ᠦᠬᠠᠶ ᠬᠤᠲᠠ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠰᠢᠰᠲ᠋ᠧᠮ ᠤᠨ ᠰᠣᠯᠢᠯᠴᠠᠭ᠎ᠠ ᠪᠤᠯᠪᠠᠰᠤᠷᠠᠯ ᠤᠨ ᠬᠤᠷᠠᠯ ᠡᠷᠭᠢᠯᠡᠵᠦ᠂ ᠵᠢᠶᠠᠩ ᠮᠧᠨ ᠬᠤᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠮᠠᠨ ᠤ ᠬᠤᠲᠠ ᠶᠢᠨ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠳᠤ ᠦᠨᠡᠯᠡᠯᠲᠡ ᠪᠠᠶᠢᠴᠠᠭᠠᠯᠲᠠ ᠬᠢᠬᠦ ᠶᠢᠨ ᠬᠠᠮᠲᠤ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠲᠤᠬᠠᠶ  ᠶᠢᠨ ᠲᠠᠯᠠᠪᠤᠷ ᠤᠨ ᠵᠢᠭᠠᠨ ᠰᠤᠷᠭᠠᠯᠲᠠ ᠥᠷᠨᠢᠭᠦᠯᠬᠦ ᠪᠣᠯᠤᠨ᠎ᠠ  ᠃  
 
ᠢᠷᠡᠯᠲᠡ᠄ ᠦᠬᠠᠶ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号