ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠥᠬᠦ ᠬᠤᠲᠠ ᠶᠢᠨ ᠲᠡᠦᠬᠡ  ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠵᠢᠴᠢ《 ᠲᠠᠯ᠎ᠠ ᠨᠤᠲᠤᠭ ᠤᠨ ᠬᠤᠪᠢᠯᠭᠠᠨ ᠪᠦᠷᠭᠦᠳ 》ᠢᠨᠵᠧᠨᠧᠷᠢᠩ ᠤᠨ ᠠᠵᠢᠯ ᠢ ᠭᠦᠨᠵᠡᠭᠡᠶᠢᠷᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/9/28
   ᠪᠤᠭᠤᠲᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠢᠶᠠᠷᠤᠯᠲᠠ ᠶᠢᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠠᠵᠢᠯᠲᠠᠨ ᠤ ᠠᠮᠤᠷ ᠢ ᠬᠠᠮᠠᠭᠠᠯᠠᠬᠤ ᠮᠡᠷᠭᠡᠵᠢᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂《 ᠲᠠᠯ᠎ᠠ ᠨᠤᠲᠤᠭ ᠤᠨ ᠬᠤᠪᠢᠯᠭᠠᠨ ᠪᠦᠷᠭᠦᠳ 》ᠢᠨᠵᠧᠨᠧᠷᠢᠩ ᠢ ᠭᠦᠨᠵᠡᠭᠡᠶ ᠥᠷᠭᠡᠳᠬᠡᠵᠦ᠂ ᠪᠥᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ 13 — 15 ᠤ ᠡᠳᠦᠷ ᠪᠣᠯᠲᠠᠯ᠎ᠠ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠥᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠵᠢᠴᠢ《 ᠲᠠᠯ᠎ᠠ ᠨᠤᠲᠤᠭ ᠤᠨ ᠬᠤᠪᠢᠯᠭᠠᠨ ᠪᠦᠷᠭᠦᠳ 》ᠢᠨᠵᠧᠨᠧᠷᠢᠩ ᠤᠨ ᠠᠵᠢᠯ   ᠢ ᠭᠦᠨᠵᠡᠭᠡᠶᠢᠷᠡᠭᠦᠯᠬᠦ ᠪᠤᠯᠪᠠᠰᠤᠷᠠᠯ ᠤᠨ ᠠᠩᠭᠢ ᠶᠢ ᠡᠷᠭᠢᠯᠡᠪᠡ᠃ ᠡᠯ᠎ᠡ ᠬᠤᠰᠢᠭᠤ ᠰᠢᠶᠠᠨ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠺᠠᠳ᠋ᠷ ᠪᠣᠯᠤᠨ ᠦᠨᠳᠦᠰᠦᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠳᠠᠨ 120 ᠭᠠᠷᠤᠢ ᠬᠥᠮᠦᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃    ᠪᠤᠯᠪᠠᠰᠤᠷᠠᠯ ᠤᠨ ᠠᠭᠤᠯᠭ᠎ᠠ ᠣᠨᠣᠯ ᠢ ᠪᠣᠳᠠᠲᠠᠶ ᠲᠠᠢ ᠤᠶᠠᠯᠳᠤᠭᠤᠯᠤᠨ᠂ ᠲᠡᠦᠬᠡ ᠶᠢᠨ ᠳᠤᠷᠠᠰᠬᠠᠯᠲᠤ ᠵᠦᠶᠯᠡᠰ  ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠮᠡᠳᠡᠯᠭᠡ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ ᠬᠢᠴᠢᠶᠡᠯ ᠤᠷᠤᠪᠠ︔ ᠰᠤᠷᠤᠯᠭᠠᠲᠠᠳ ᠢ ᠵᠣᠬᠢᠶᠠᠨ ᠪᠠᠶᠢᠭᠤᠯᠵᠤ ᠪᠦᠬᠦ ᠤᠯᠤᠰ  ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠯᠬᠤ ᠤᠯᠠᠨᠰᠦ᠋ᠮ᠎ᠡ  ᠶᠢᠨ ᠬᠤᠲᠠ ᠶᠢᠨ ᠪᠠᠭᠤᠷᠢ ᠪᠣᠯᠤᠨ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠭᠡ ᠶᠢᠨ ᠲᠢᠩᠬᠢᠮ ᠳᠤ ᠬᠦᠷᠴᠦ ᠲᠤᠬᠠᠢ ᠶᠢᠨ ᠭᠠᠵᠠᠷ ᠲᠤ ᠨᠢ ᠰᠤᠷᠤᠯᠴᠠᠨ ᠰᠣᠯᠢᠯᠴᠠᠪᠠ᠃    《 ᠲᠠᠯ᠎ᠠ ᠨᠤᠲᠤᠭ ᠤᠨ ᠬᠤᠪᠢᠯᠭᠠᠨ ᠪᠦᠷᠭᠦᠳ 》ᠢᠨᠵᠧᠨᠧᠷᠢᠩ ᠢ ᠭᠦᠨᠵᠡᠭᠡᠶ ᠥᠷᠭᠡᠳᠬᠡᠵᠦ᠂ ᠬᠢᠯᠢ ᠬᠢᠵᠠᠭᠠᠷ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠰᠣᠶᠣᠯ ᠤᠨ ᠥᠪ ᠢ ᠬᠠᠮᠲᠤ ᠪᠠᠷ ᠬᠠᠮᠠᠭᠠᠯᠠᠬᠤ ᠶᠢᠨ ᠲᠤᠰᠠᠳᠠ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ  ᠯᠤᠭ᠎ᠠ ᠠᠮᠤᠷ ᠠᠮᠤᠭᠤᠯᠠᠩ ᠬᠢᠯᠢ ᠬᠢᠵᠠᠭᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠢᠴᠢ《 ᠲᠠᠯ᠎ᠠ ᠨᠤᠲᠤᠭ ᠤᠨ ᠬᠤᠪᠢᠯᠭᠠᠨ ᠪᠦᠷᠭᠦᠳ 》ᠢᠨᠵᠧᠨᠧᠷᠢᠩ ᠢ ᠭᠦᠨᠵᠡᠭᠡᠶᠢᠷᠡᠭᠦᠯᠬᠦ ᠵᠥᠪᠯᠡᠯᠴᠡᠭᠡᠷ ᠲᠣᠭᠲᠠᠪᠠ᠃ ᠲᠤᠰ ᠤᠳᠠᠭᠠᠨ ᠤ ᠪᠤᠯᠪᠠᠰᠤᠷᠠᠯ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠡᠷᠬᠢᠯᠡᠭᠰᠡᠳ ᠤᠨ ᠲᠤᠰᠬᠠᠶ ᠮᠡᠷᠭᠡᠵᠢᠯ ᠤᠨ ᠮᠡᠳᠡᠯᠭᠡ ᠶᠢ ᠰᠢᠨᠡᠳᠬᠡᠨ ᠲᠡᠭᠦᠯᠳᠡᠷᠵᠢᠭᠦᠯᠵᠦ᠂ ᠬᠠᠮᠢᠶᠠᠷᠴᠤ ᠴᠢᠳᠠᠬᠤ᠂ ᠮᠡᠷᠭᠡᠵᠢᠯ ᠮᠡᠳᠡᠬᠦ‍ ᠨᠢᠭᠡ ᠪᠦᠯᠦᠭ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠶ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠵᠦ᠂ ᠬᠤᠶᠢᠰᠢᠳᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯ ᠦᠭᠡᠶ ᠶᠢᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号