ᠠᠯᠠᠱᠠ ᠠᠶᠢᠮᠠᠭ ᠤᠨ ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠶᠢᠨ ᠬᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠠᠪᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/1/13
     ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠭᠠᠯ ᠤᠨ ᠭᠠᠮᠰᠢᠭ ᠤᠨ ᠬᠡᠮ ᠰᠣᠭᠤᠭ ᠢ ᠴᠡᠭᠴᠡᠯᠡᠨ ᠵᠠᠰᠠᠬᠤ ᠪᠠ‌ᠭᠠᠯ ᠰᠡᠷᠭᠡᠶᠢᠯᠡᠵᠦ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠶ ᠬᠤᠯᠪᠣᠭᠳᠠᠯ ᠪᠥᠬᠦᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠯ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠢᠳᠡᠪᠬᠢᠲᠡᠶ ᠵᠣᠬᠢᠶᠠᠨ ᠪᠠᠶᠢᠭᠤᠯᠵᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ  ᠶᠢᠨ ᠪᠠᠶᠢᠭᠤᠯᠭ᠎ᠠ ᠨᠢᠭᠡᠴᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠠᠪᠤᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠪᠠᠶᠢᠭᠤᠯᠭ᠎ᠠ ᠨᠢᠭᠡᠴᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ  ᠪᠠᠶᠢᠭᠤᠯᠪᠠ  ᠃ ᠴᠡᠭᠴᠡᠯᠡᠨ ᠵᠠᠰᠠᠬᠤ ᠪᠠᠷ ᠳᠡᠮᠵᠢᠨ᠂ ᠪᠥᠬᠦ ᠠᠶᠢᠮᠠᠭ ᠤᠨ ᠠᠯᠪᠠᠨ ᠠᠴᠠ ᠡᠷᠭᠢᠯᠡᠭᠰᠡᠨ 5 ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠨᠢᠭᠡᠨᠲᠡ ᠭᠠᠯ ᠤᠨᠲᠠᠷᠠᠭᠠᠬᠤ ᠢᠨᠵᠧᠨᠧᠷᠢᠩ ᠢ ᠴᠡᠭᠴᠡᠯᠡᠨ ᠵᠠᠰᠠᠬᠤ ᠠᠵᠢᠯ ᠢᠶᠠᠨ ᠪᠦᠬᠦᠨ ᠢ ᠪᠡᠶᠡᠯᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠨᠢᠭᠡᠨᠲᠡ ᠠᠯᠬᠤᠮ ᠠᠯᠬᠤᠮ ᠢᠶᠠᠷ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠨ᠂ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ  ᠃      ᠨᠢᠭᠡ ᠳᠤ᠂《 ᠪᠦᠬᠦ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠵᠠᠰᠠᠬᠤ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ 》 ( ᠳᠣᠷᠣᠭᠰᠢ 《 ᠬᠡᠷᠡᠭᠵᠢᠭᠦᠯᠬᠦ ᠲᠥᠰᠦᠯ 》 ᠭᠡᠵᠦ ᠲᠣᠪᠴᠢᠯᠠᠨ᠎ᠠ ) ᠢ ᠲᠣᠭᠲᠠᠭᠠᠨ ᠳᠠᠷᠤᠮᠠᠯᠯᠠᠨ ᠶᠠᠪᠤᠭᠤᠯᠵᠤ᠂ ᠠᠵᠢᠯ ᠤᠨ ᠬᠠᠷᠠᠯᠲᠠ᠂ ᠭᠤᠤᠯ ᠡᠭᠦᠷᠭᠡ᠂ ᠴᠠᠭ  ᠤᠨ ᠲᠣᠬᠢᠷᠠᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶ  ᠲᠤᠷᠠᠳᠪᠠ᠃ ᠬᠤᠶᠠᠷ ᠲᠤ᠂ 《 ᠬᠡᠷᠡᠭᠵᠢᠭᠦᠯᠬᠦ ᠲᠥᠰᠦᠯ 》 ᠢ ᠦᠨᠳᠦᠰᠦᠯᠡᠨ ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠪᠠ᠃ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠤᠷᠢᠳ ᠬᠤᠵᠢᠳ ᠭᠤᠣᠯᠳᠠᠯᠭ᠎ᠠ ᠲᠠᠢ ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠥᠬᠦᠭᠡᠷᠦᠮᠵᠢ᠂ ᠭᠠᠯ ᠤᠨᠲᠠᠷᠠᠭᠠᠬᠤ ᠡᠬᠡ ᠳᠠᠩᠰᠠ ᠶᠢᠨ ᠮᠠᠲ᠋ᠧᠷᠢᠶᠠᠯ᠂ ᠭᠠᠯ ᠤᠨᠲᠠᠷᠠᠭᠠᠬᠤ ᠵᠠᠮ ᠵᠡᠷᠭᠡ ᠲᠠᠯ᠎ᠠ ᠪᠠᠷ ᠵᠦᠢᠯ ᠳᠠᠷᠠᠭᠠᠯᠠᠨ ᠪᠠᠶᠢᠴᠠᠭᠠᠯᠲᠠ ᠬᠢᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠭᠤᠷᠠᠶ ᠲᠠᠯ᠎ᠠ ᠶᠢ ᠵᠢᠭᠠᠵᠤ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ ᠭᠤᠷᠪᠠ ᠳᠤ᠂ ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠢᠨᠵᠧᠨᠧᠷᠢᠩ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠪᠡ᠃ ᠡᠵᠡᠨ᠎ᠡ ᠶᠢᠨ ᠮᠦᠽᠧᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠨᠢᠭᠡᠨᠲᠡ ᠳᠠᠭᠤᠰᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ  ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠪᠠ᠃ ᠠᠯᠠᠱᠠ ᠶᠢᠨ ᠮᠦᠽᠧᠶ᠂ ᠠᠯᠠᠱᠠ ᠸᠠᠩ ᠤᠨ ᠣᠷᠳᠣᠨ ᠤ ᠮᠦᠽᠧᠶ ᠪᠠ ᠠᠯᠠᠱᠠ ᠪᠠᠷᠠᠭᠤᠨ ᠬᠤᠰᠢᠭᠤᠨ ᠤ ᠮᠦᠽᠧᠶ ᠨᠢ ᠭᠤᠷᠪᠠᠳᠠᠬᠢ ᠡᠲᠡᠭᠡᠳ ᠢ ᠤᠷᠢᠵᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠨᠢᠭᠡᠨᠲᠡ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠪᠠ  ᠃ ᠳᠥᠷᠪᠡ ᠳᠤ᠂  ᠭᠠᠯ ᠰᠡᠷᠭᠡᠶᠢᠯᠡᠵᠦ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠭᠠᠯ ᠤᠨ ᠠᠶᠤᠯ ᠠᠴᠠ ᠠᠪᠤᠷᠠᠬᠤ ᠤᠷᠠᠨ ᠮᠡᠷᠭᠡᠰᠢᠯ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠬᠡᠷᠡᠭᠯᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠭᠠᠯ ᠤᠨ ᠪᠠᠴᠢᠮ ᠪᠠᠶᠢᠳᠠᠯ ᠢ ᠰᠢᠶᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠶᠡᠷᠦ ᠶᠢᠨ ᠮᠡᠳᠡᠯᠭᠡ ᠵᠡᠷᠭᠡ ᠲᠠᠯ᠎ᠠ ᠶᠢᠨ ᠠᠭᠤᠯᠭ᠎ᠠ  ᠶᠢᠨ ᠲᠣᠭᠤᠷᠢᠨ ᠳᠤ ᠭᠠᠯ ᠰᠡᠷᠭᠡᠶᠢᠯᠡᠵᠦ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠤᠰᠬᠠᠶ ᠰᠡᠳᠦᠪᠲᠦ ᠪᠤᠯᠪᠠᠰᠤᠷᠠᠯ ᠬᠢᠪᠡ᠃ ᠲᠠᠪᠤ ᠳᠤ᠂ ᠭᠠᠯ  ᠰᠡᠷᠭᠡᠶᠢᠯᠡᠵᠦ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠦᠵᠡᠰᠬᠦᠯᠡᠩ ᠤᠨ ᠪᠠᠶᠢᠭᠤᠯᠭ᠎ᠠ ᠨᠢᠭᠡᠴᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠨᠡᠶᠢᠲᠡ 60 ᠭᠠᠷᠤᠶ ᠬᠥᠮᠦᠨ ᠣᠷᠣᠯᠴᠠᠪᠠ  ᠃      ᠳᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠴᠠᠭ ᠦᠶ᠎ᠡ ᠶᠢᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠪᠤᠳᠤᠯ ᠢᠶᠠᠷ᠂ ᠰᠢᠨ᠎ᠡ ᠲᠡᠦᠬᠡ ᠶᠢᠨ ᠣᠷᠣᠨ ᠪᠠᠶᠢᠷᠢ᠂ ᠰᠢᠨ᠎ᠡ ᠴᠠᠭ ᠦᠶ᠎ᠡ ᠶᠢᠨ ᠪᠠᠶᠢᠷᠢᠰᠢᠯ ᠠᠴᠠ ᠰᠣᠶᠣᠯ ᠦᠵᠡᠰᠬᠦᠯᠡᠩ ᠤᠨ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠵᠤ᠂ ᠭᠤᠷᠪᠠᠨ ᠵᠢᠯ ᠤᠨ ᠠᠵᠢᠯᠯᠠᠭ᠎ᠠ ᠪᠠᠷ ᠳᠠᠮᠵᠢᠨ᠂ ᠰᠣᠶᠣᠯ ᠦᠵᠡᠰᠬᠦᠯᠡᠩ ᠤᠨ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠣᠶᠣᠯ ᠦᠵᠡᠰᠬᠦᠯᠡᠩ ᠤᠨ ᠨᠢᠭᠡᠴᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠲᠣᠭᠲᠠᠭᠤᠨ ᠲᠣᠭᠤᠷᠢᠨ ᠦᠵᠡᠬᠦ ᠣᠷᠴᠢᠨ ᠲᠣᠭᠤᠷᠢᠨ ᠢ ᠰᠠᠶᠢᠲᠤᠷ ᠪᠤᠢ ᠪᠣᠯᠭᠠᠨ᠎ᠠ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号