ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠷᠵᠠᠶ ᠵᠡᠷᠭᠡ 36 ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2022/1/13
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠣᠶᠢᠷ᠎ᠠ ᠶᠢᠨ ᠬᠠᠭᠠᠰ ᠵᠢᠯ ᠤᠨ ᠬᠤᠭᠤᠴᠠᠭ᠎ᠠ ᠶᠢ ᠠᠰᠢᠭᠯᠠᠨ᠂ ᠠᠷᠵᠠᠶ ᠴᠢᠯᠠᠭᠤᠨ ᠠᠭᠤᠶ ᠶᠢ ᠪᠠᠭᠲᠠᠭᠠᠭᠰᠠᠨ ᠥᠪᠥᠷ ᠮᠣᠩᠭᠤᠯ ᠤᠨ ᠴᠢᠯᠠᠭᠤᠨ ᠠᠭᠤᠶ ᠶᠢᠨ ᠰᠦᠮ᠎ᠡ ᠳᠤ ᠲᠤᠰᠬᠠᠶ ᠵᠦᠶᠯ ᠤᠨ ᠪᠠᠶᠢᠴᠠᠭᠠᠯᠲᠠ ᠬᠢᠵᠦ᠂ ᠬᠠᠳᠠᠭᠠᠯᠠᠵᠤ ᠪᠠᠶᠢᠭ᠎ᠠ ᠪᠠᠶᠢᠳᠠᠯ ᠪᠣᠯᠤᠨ ᠲᠤᠯᠭᠠᠷᠠᠵᠤ ᠪᠠᠶᠢᠭ᠎ᠠ ᠲᠦᠭᠰᠢᠭᠦᠷᠢᠲᠦ ᠪᠠᠶᠢᠳᠠᠯ ᠤᠨ ᠬᠤᠤᠷ ᠬᠥᠨᠥᠭᠡᠯ ᠢ ᠪᠥᠬᠦ ᠲᠠᠯ᠎ᠠ ᠪᠠᠷ ᠰᠤᠳᠤᠯᠤᠨ ᠮᠠᠭᠠᠳᠯᠠᠪᠠ᠃   ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠴᠢᠯᠠᠭᠤᠨ ᠠᠭᠤᠶ ᠶᠢᠨ ᠰᠦᠮ᠎ᠡ ( ᠬᠠᠲᠠᠨ ᠤ ᠬᠥᠷᠥᠭ ᠢ ᠪᠠᠭᠲᠠᠭᠠᠨ᠎ᠠ ) 36 ᠪᠠᠶᠢᠵᠤ᠂ ᠭᠤᠤᠯᠳᠠᠭᠤ ᠬᠥᠬᠡᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠠᠯᠠᠱᠠ ᠠᠶᠢᠮᠠᠭ ᠵᠡᠷᠭᠡ 8 ᠠᠶᠢᠮᠠᠭ ᠬᠤᠲᠠ ᠳᠤ ᠲᠠᠷᠬᠠᠵᠤ ᠪᠣᠶ᠂ ᠡᠭᠦᠨ ᠳᠤ ᠪᠥᠬᠦ ᠤᠯᠤᠰ  ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 15᠂ ᠬᠤᠲᠠ ᠰᠢᠶᠠᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 9᠂ ᠲᠠᠰ ᠲᠣᠭᠲᠠᠭᠠᠭᠰᠠᠨ ᠥᠬᠡᠶ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 9 ᠪᠣᠶ᠃    ᠡᠲᠡᠭᠡᠷ ᠴᠢᠯᠠᠭᠤᠨ ᠠᠭᠤᠶ ᠶᠢᠨ ᠰᠦᠮ᠎ᠡ ᠨᠢ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ ᠪᠠᠶᠢᠵᠤ᠂ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠲᠠᠰᠤᠷᠠᠯᠲᠠ ᠥᠬᠡᠶ ᠰᠣᠯᠢᠯᠴᠠᠭ᠎ᠠ᠂ ᠶᠠᠪᠤᠯᠴᠠᠭ᠎ᠠ ᠪᠠ ᠠᠭᠤᠰᠤᠯᠴᠠᠯ ᠢ ᠲᠤᠰᠬᠠᠵᠤ᠂ ᠴᠢᠬᠤᠯᠠ ᠲᠡᠦᠬᠡ ᠶᠢᠨ ᠦᠨ᠎ᠡ ᠥᠷᠲᠡᠭ ᠪᠠ ᠨᠡᠯᠢᠶᠡᠳ ᠥᠨᠳᠥᠷ ᠤᠷᠠᠯᠢᠭ ᠤᠨ ᠦᠨ᠎ᠡ ᠥᠷᠲᠡᠭ ᠲᠠᠢ ᠪᠠᠶᠢᠵᠤ᠂ ᠣᠯᠠᠨ ᠡᠰᠢᠲᠦ ᠨᠢᠭᠡ ᠴᠣᠭᠴᠠᠵᠢᠭᠰᠠᠨ ᠰᠢᠯᠢᠳᠡᠭ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃    2021 ᠣᠨ ᠤ 3 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠲᠢᠩᠬᠢᠮ《 ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠵᠦ᠂ 20 ᠵᠦᠶᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠤᠷᠠᠳᠴᠤ᠂ ᠪᠡᠶᠡᠯᠡᠭᠦᠯᠬᠦ ᠴᠠᠭ ᠤᠨ ᠬᠢᠵᠠᠭᠠᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠪᠠ᠃    ᠡᠭᠦᠨ ᠤ ᠬᠠᠮᠲᠤ᠂ ᠠᠯᠪᠠᠨ ᠤ ᠲᠠᠯ᠎ᠠ ᠠᠴᠠ ᠪᠠᠰᠠ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ 》ᠪᠠ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠬᠠᠭᠤᠴᠢ ᠰᠤᠳᠤᠯᠤᠯ ᠤᠨ ᠳᠤᠮᠳᠠ ᠪᠠ ᠣᠷᠳᠣ ᠬᠤᠭᠤᠴᠠᠭᠠᠨ ᠤ ᠲᠥᠯᠥᠪᠯᠡᠭᠡ 》 ᠶᠢ ᠨᠠᠶᠢᠷᠠᠭᠤᠯᠤᠨ ᠵᠣᠬᠢᠶᠠᠵᠤ᠂ ᠥᠪᠥᠷ ᠮᠣᠩᠭᠤᠯ ᠤᠨ ᠴᠢᠯᠠᠭᠤᠨ ᠠᠭᠤᠶ  ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ ᠤᠨ ᠠᠵᠢᠯ ᠳᠤ ᠰᠢᠰᠲ᠋ᠧᠮ ᠲᠠᠢ ᠲᠥᠯᠥᠪᠵᠢᠭᠦᠯᠭᠡ ᠬᠢᠵᠦ᠂ ᠣᠶᠢᠷ᠎ᠠ᠂ ᠳᠤᠮᠳᠠ᠂ ᠤᠷᠲᠤ ᠬᠤᠭᠤᠴᠠᠭᠠᠨ ᠤ ᠠᠵᠢᠯ ᠤᠨ ᠬᠠᠷᠠᠯᠲᠠ ᠪᠠ ᠭᠤᠤᠯᠳᠠᠯᠭ᠎ᠠ  ᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠪᠠ᠃     ᠳᠤᠷᠠᠳᠤᠭᠤᠰᠢᠲᠠᠶ ᠵᠦᠶᠯ ᠭᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯ ᠤᠨ ᠲᠣᠪᠴᠢᠶ᠎ᠠ ᠠᠷᠵᠠᠶ ᠴᠢᠯᠠᠭᠤᠨ ᠠᠭᠤᠶ ᠶᠢᠨ ᠠᠶᠤᠯ ᠲᠠᠢ ᠴᠢᠯᠠᠭᠤᠯᠢᠭ ᠢ ᠪᠠᠬᠢᠵᠢᠭᠦᠯᠬᠦ ᠭᠤᠷᠪᠠᠳᠤᠭᠠᠷ ᠬᠤᠭᠤᠴᠠᠭ᠎ᠠ ᠪᠠ ᠬᠠᠨᠠᠨ ᠵᠢᠷᠤᠭ ᠢ ᠬᠠᠮᠠᠭᠠᠯᠠᠬᠤ᠂ ᠭᠤᠸᠠᠩ ᠬᠤᠸᠠ ᠰᠧ ᠰᠦᠮ᠎ᠡ ᠶᠢᠨ ᠱᠤᠭᠤᠮᠠᠯ ᠬᠥᠷᠥᠭ ᠤᠨ ᠠᠮᠤᠷ ᠢ ᠬᠠᠮᠠᠭᠠᠯᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠳ᠋ᠦᠨᠬᠤᠸᠠᠩ ᠤᠨ ᠥᠪ ᠬᠦᠷᠦᠩᠭᠡ  ᠶᠢᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠲᠠᠢ ᠬᠠᠮᠵᠢᠯᠴᠠᠨ ᠠᠷᠵᠠᠶ ᠴᠢᠯᠠᠭᠤᠨ ᠠᠭᠤᠶ ᠶᠢᠨ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠵᠢᠴᠢ ᠢᠵᠢ ᠪᠦᠷᠢᠳᠦᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠵᠢᠯᠣᠭᠤᠳᠪᠠ᠃     2021 ᠣᠨ ᠤ 6 ᠳ᠋ᠤᠭᠠᠷ ᠰᠠᠷ᠎ᠠ ᠳᠤ᠂ ᠠᠷᠵᠠᠢ ᠴᠢᠯᠠᠭᠤᠨ ᠠᠭᠤᠶ ᠶᠢᠨ ᠪᠠᠶᠢᠭ᠎ᠠ ᠣᠲᠤᠭ ᠬᠤᠰᠢᠭᠤᠨ ᠳᠤ ᠥᠪᠥᠷ ᠮᠣᠩᠭᠤᠯ ᠤᠨ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠤᠨ ᠠᠩᠭᠢ ᠡᠷᠭᠢᠯᠡᠵᠦ᠂ ᠴᠢᠯᠠᠭᠤᠨ ᠠᠭᠤᠶ ᠶᠢᠨ ᠰᠦᠮ᠎ᠡ ᠶᠢᠨ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠵᠤ᠂ ᠠᠷᠵᠠᠢ ᠴᠢᠯᠠᠭᠤᠨ ᠠᠭᠤᠶ ᠪᠠᠷ ᠲᠣᠭᠤᠷᠢᠨ ᠦᠵᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃     ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 36 ᠴᠢᠯᠠᠭᠤᠨ ᠠᠭᠤᠶ ᠶᠢᠨ ᠰᠦᠮ᠎ᠡ ᠳᠤ ᠨᠢᠭᠡᠨᠲᠡ ᠠᠮᠤᠷ ᠲᠦᠪᠰᠢᠨ ᠤ ᠰᠠᠨᠠᠭᠤᠯᠤᠮᠵᠢ ᠰᠡᠷᠡᠮᠵᠢ ᠶᠢᠨ ᠲᠡᠮᠳᠡᠭ ᠲᠠᠯᠪᠢᠵᠤ᠂ ᠠᠮᠤᠷ ᠲᠦᠪᠰᠢᠨ ᠤ ᠬᠠᠷᠢᠭᠤᠴᠠᠯᠭᠠᠲᠠᠨ ᠢ ᠵᠠᠷᠯᠠᠨ ᠨᠡᠶᠢᠲᠡᠯᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号