ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2021 ᠣᠨ ᠤ ᠴᠢᠬᠤᠯᠠ ᠬᠠᠭᠤᠴᠢ ᠰᠤᠳᠤᠯᠤᠯ  ᠤᠨ ᠢᠯᠡᠷᠡᠭᠦᠯᠦᠯᠲᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2022/1/15
     ᠰᠢᠨᠬᠤᠸᠠ ᠬᠤᠷᠢᠶᠠᠨ ᠤ ᠰᠢᠯᠵᠢᠶ᠎ᠡ ᠬᠥᠬᠡᠬᠤᠲᠠ ᠶᠢᠨ 1 ᠳ᠋ᠦ᠋ᠭᠡᠷ ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠤᠷᠢᠬᠠᠨ   ᠬᠠᠯᠢᠨ᠎ᠠ︶   1 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ 2021 ᠣᠨ ᠤ ᠥᠪᠥᠷ ᠮᠣᠩᠭᠤᠯ ᠤᠨ ᠴᠢᠬᠤᠯᠠ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ 2021 ᠣᠨ ᠤ ᠠᠷᠪᠠᠨ ᠶᠡᠭᠡ ᠴᠢᠬᠤᠯᠠ ᠬᠠᠭᠤᠴᠢ ᠰᠤᠳᠤᠯᠤᠯ ᠤᠨ ᠢᠯᠡᠷᠡᠭᠦᠯᠦᠯᠲᠡ ᠶᠢ ᠨᠡᠶᠢᠲᠡᠯᠡᠪᠡ  ᠃      ᠡᠳᠡᠭᠡᠷ ᠴᠢᠬᠤᠯᠠ ᠬᠠᠭᠤᠴᠢ ᠰᠤᠳᠤᠯᠤᠯ ᠤᠨ ᠢᠯᠡᠷᠡᠭᠦᠯᠦᠯᠲᠡ ᠳᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠳᠠᠬᠢᠨ  ᠡᠬᠢᠯᠡᠭᠦᠯᠦᠭᠰᠡᠨ ᠰᠢᠷᠬᠤᠰᠤᠨ ᠤ ᠪᠠᠭᠤᠷᠢ᠂ ᠳᠤᠮᠳᠠᠳᠤ ᠤᠯᠤᠰ ᠤᠨ ᠤᠮᠠᠷᠠᠲᠤ ᠣᠷᠣᠨ  ᠤ ᠴᠢᠬᠤᠯᠠ ᠪᠣᠯᠬᠤ ᠡᠷᠲᠡ ᠦᠶ᠎ᠡ ᠶᠢᠨ ᠬᠥᠮᠦᠨ ᠲᠥᠷᠥᠯᠬᠢᠲᠡᠨ ᠤ ᠠᠭᠤᠶ ᠶᠢᠨ ᠪᠠᠭᠤᠷᠢ — ᠵᠢᠩᠰᠡᠲᠠᠢ ᠶᠢᠨ ᠪᠠᠭᠤᠷᠢ᠂ ᠨᠡᠯᠢᠶᠡᠳ ᠰᠠᠶᠢᠨ ᠬᠠᠳᠠᠭᠠᠯᠠᠭᠳᠠᠵᠤ ᠪᠠᠶᠢᠭ᠎ᠠ ᠪᠠᠯᠠᠷ ᠡᠷᠲᠡᠨ ᠤ ᠰᠣᠶᠣᠯ ᠤᠨ ᠬᠡᠷ ᠤᠨ ᠪᠠᠭᠤᠷᠢ — ᠤᠯᠠᠭᠠᠨᠲᠤᠭ ᠲᠤ ᠬᠢ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ᠂ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠨᠢᠭᠡᠨᠲᠡ ᠮᠡᠳᠡᠭᠰᠡᠨ ᠬᠡᠪᠴᠢᠶ᠎ᠡ ᠨᠢ ᠬᠠᠮᠤᠭ ᠤᠨ ᠶᠡᠭᠡ᠂ ᠵᠡᠷᠭᠡ ᠳᠡᠰ ᠢᠶᠠᠷ ᠬᠠᠮᠤᠭ ᠤᠨ ᠥᠨᠳᠥᠷ ᠪᠠᠯᠠᠷ ᠡᠷᠲᠡᠨ ᠤ ᠦᠶ᠎ᠡ ᠶᠢᠨ ᠴᠢᠯᠠᠭᠤᠨ ᠬᠤᠲᠠ ᠶᠢᠨ ᠪᠠᠭᠤᠷᠢ — ᠾᠧᠦ ᠴᠧᠩ ᠽᠦᠶ ᠴᠢᠯᠠᠭᠤᠨ ᠬᠤᠲᠠ ᠶᠢᠨ ᠪᠠᠭᠤᠷᠢ᠂ ᠳᠤᠮᠳᠠᠳᠤ ᠤᠯᠤᠰ ᠤᠨ ᠤᠮᠠᠷᠠᠲᠤ ᠣᠷᠣᠨ ᠤ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠤᠨ ᠦᠶ᠎ᠡ ᠶᠢᠨ ᠴᠢᠬᠤᠯᠠ ᠰᠠᠭᠤᠷᠢᠰᠢᠯ ᠤᠨ ᠪᠠᠭᠤᠷᠢ — ᠰᠢᠶᠤᠤ ᠳᠠᠩ ᠱᠠᠨ ᠤ ᠪᠠᠭᠤᠷᠢ᠂ ᠮᠠᠯᠲᠠᠭᠠᠳ ᠡᠯᠪᠡᠭ ᠤᠯᠠᠨ ᠬᠠᠰ ᠡᠳ᠋ᠯᠡᠯ ᠣᠯᠳᠠᠭᠰᠠᠨ ᠵᠤ᠋ ᠺᠠᠶ ᠭᠸᠤ ᠰᠣᠶᠣᠯ ᠤᠨ ᠪᠠᠭᠤᠷᠢ — ᠰᠢᠷ᠎ᠠ ᠲᠠᠯ᠎ᠠ ᠶᠢᠨ ᠪᠠᠭᠤᠷᠢ᠂ ᠬᠠᠲᠤᠨ ᠭᠤᠤᠯ ᠤᠨ ᠬᠤᠶᠠᠷ ᠡᠷᠭᠢ ᠠᠴᠠ ᠰᠢᠨᠵᠢᠯᠡᠬᠦ ᠤᠬᠠᠭᠠᠨᠴᠢ ᠪᠠᠷ ᠮᠠᠯᠲᠠᠭᠠᠳ ᠭᠠᠷᠭᠠᠭᠰᠠᠨ ᠲᠥᠯᠥᠭᠡᠯᠡᠬᠦ ᠴᠢᠨᠠᠷᠲᠠᠶ ᠬᠠᠨ ᠤᠯᠤᠰ ᠤᠨ ᠦᠶ᠎ᠡ ᠶᠢᠨ ᠣᠩᠭᠤᠨ ᠤ ᠭᠠᠵᠠᠷ — ᠰᠢᠶᠤᠤ ᠬᠤᠩ ᠴᠧᠩ ᠤᠨ ᠬᠠᠨ ᠤᠯᠤᠰ ᠤᠨ ᠦᠶ᠎ᠡ ᠶᠢᠨ ᠣᠩᠭᠤᠨ᠂ ᠳᠤᠮᠳᠠᠳᠤ ᠤᠯᠤᠰ ᠤᠨ ᠮᠤᠨᠢ ᠠᠭᠤᠯᠠ ᠠᠴᠠ ᠤᠮᠠᠷᠠᠰᠢ᠂ ᠭᠤᠪᠢ ᠶᠢᠨ ᠡᠮᠦᠨᠡᠬᠢ ᠲᠠᠯ᠎ᠠ ᠨᠤᠲᠤᠭ ᠠᠴᠠ ᠢᠯᠡᠷᠡᠭᠦᠯᠦᠭᠰᠡᠨ ᠠᠩᠬᠠᠳᠠᠭᠴᠢ ᠾᠦᠩᠨᠦ ᠶᠢᠨ ᠣᠩᠭᠤᠨ ᠤ ᠰᠦᠷᠦᠭ —— ᠵᠢᠪᠬᠤᠯᠠᠩᠲᠤ ᠾᠦᠩᠨᠦ ᠶᠢᠨ ᠣᠩᠭᠤᠨ ᠤ ᠰᠦᠷᠦᠭ᠂ ᠤᠮᠠᠷᠠᠲᠤ ᠸᠧᠶ ᠤᠯᠤᠰ ᠤᠨ ᠸᠠᠩᠲᠤ ᠲᠥᠷᠥ  ᠶᠢᠨ ᠲᠣᠮᠣ ᠬᠡᠯᠪᠡᠷᠢ ᠶᠢᠨ ᠲᠠᠬᠢᠯᠭ᠎ᠠ ᠶᠢᠨ ᠪᠠᠷᠢᠯᠭ᠎ᠠ ᠶᠢᠨ ᠪᠠᠭᠤᠷᠢ — ᠬᠠᠰᠢᠯᠭ᠎ᠠ ᠶᠢᠨ ᠣᠷᠣᠶ ᠶᠢᠨ ᠪᠠᠭᠤᠷᠢ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠤᠷᠬᠠᠨ ᠤ ᠰᠦᠮ᠎ᠡ ᠶᠢᠨ ᠪᠠᠭᠤᠷᠢ ᠵᠡᠷᠭᠡ ᠪᠠᠭᠲᠠᠭᠳᠠᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号