ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠳᠠᠬᠢᠨᠲᠠ ᠰᠢᠯᠢᠳᠡᠭ ᠠᠮᠵᠢᠯᠲᠠ ᠣᠯᠵᠤ᠂ ᠪᠥᠬᠦ ᠣᠷᠣᠨ ᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2022/1/15
     1 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠦᠷ᠎ᠡ ᠪᠦᠲᠦᠭᠡᠯ ᠢ ᠬᠥᠬᠢᠭᠦᠯᠦᠨ ᠰᠠᠶᠢᠰᠢᠶᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠡᠰᠢᠭᠦᠨ ᠨᠢᠭᠡᠴᠢ ᠶᠢᠨ ᠵᠣᠬᠢᠶᠠᠨ ᠪᠠᠶᠢᠭᠤᠯᠵᠤ ᠮᠡᠳᠡᠭᠦᠯᠦᠨ ᠬᠦᠷᠭᠡᠭᠰᠡᠨ ᠬᠡᠰᠡᠭ ᠭᠤᠤᠯᠳᠠᠯᠭ᠎ᠠ ᠲᠠᠢ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠦᠷ᠎ᠡ ᠪᠦᠲᠦᠭᠡᠯ ᠢ ᠬᠥᠬᠢᠭᠦᠯᠦᠨ ᠰᠠᠶᠢᠰᠢᠶᠠᠪᠠ᠃ ᠮᠠᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠮᠡᠳᠡᠭᠦᠯᠦᠨ ᠬᠦᠷᠭᠡᠭᠰᠡᠨ ︽ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ ᠤᠯᠤᠰ ᠲᠥᠷᠥ  ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠤᠶ᠎ᠠ —— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠢᠶᠠᠷ ᠵᠢᠱᠢᠶᠡᠯᠡᠬᠦ ᠨᠢ︾ ᠭᠡᠬᠦ ᠰᠡᠳᠦᠪ ᠨᠢ ᠭᠤᠷᠪᠠᠳᠤᠭᠠᠷ ᠳᠡᠰ  ᠤᠨ ᠱᠠᠩᠨᠠᠯ ᠬᠦᠷᠲᠡᠵᠡᠢ᠃ ᠡᠨᠡ ᠨᠢ ᠰᠢᠨ᠎ᠡ ᠴᠠᠭ ᠦᠶ᠎ᠡ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠨᠡᠯᠢᠶᠡᠳ ᠰᠠᠶᠢᠨ ᠯᠠᠪᠯᠠᠯᠲᠠ ᠶᠢᠨ ᠦᠨ᠎ᠡ ᠥᠷᠲᠡᠭ ᠲᠠᠢ ᠶᠤᠮ᠃      2021 ᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ︽ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ  ᠶᠢᠨ ᠲᠤᠬᠠᠢ ᠴᠢᠬᠤᠯᠠ ᠥᠭᠦᠯᠡᠯᠲᠡ ᠶᠢᠨ ᠰᠤᠳᠤᠯᠭᠠᠨ︾᠂ ︽ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠭᠦᠶᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠤᠬᠠᠢ ᠰᠤᠳᠤᠯᠭᠠᠨ︾᠂ ︽ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠡᠷᠡᠯ ᠰᠠᠴᠤᠷᠠᠩᠭᠤᠶ ᠥᠩᠭᠡᠷᠡᠯᠲᠡ ᠪᠠ ᠨᠠᠨᠳᠢᠨ ᠲᠤᠷᠰᠢᠯᠭ᠎ᠠ ᠶᠢᠨ ᠰᠤᠳᠤᠯᠭᠠᠨ︾ ᠵᠡᠷᠭᠡ 3 ᠭᠤᠤᠯᠳᠠᠯᠭ᠎ᠠ ᠲᠠᠢ ᠰᠡᠳᠦᠪ  ᠲᠣᠭᠲᠠᠭᠠᠪᠠ᠃ ᠮᠠᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠤᠯᠤᠰ ᠲᠥᠷᠥ ᠶᠢᠨ ᠪᠠᠶᠢᠭᠤᠯᠭ᠎ᠠ ᠶᠢ ᠪᠠᠶᠢᠭᠤᠯᠬᠤ ᠠᠴᠠ  ᠭᠠᠷᠳᠠᠵᠤ᠂ ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠭᠡᠳ᠂ ᠶᠠᠰᠤ ᠴᠢᠨᠠᠷ  ᠢᠶᠠᠷ ᠨᠡᠯᠢᠶᠡᠳ ᠰᠠᠶᠢᠨ ᠰᠤᠳᠤᠯᠭᠠᠨ ᠤ ᠦᠷ᠎ᠡ ᠪᠦᠲᠦᠭᠡᠯ ᠢ ᠪᠦᠷᠢᠯᠳᠦᠭᠦᠯᠦᠭᠰᠡᠨ ᠢᠶᠠᠷ 39 ᠦᠷ᠎ᠡ ᠪᠦᠲᠦᠭᠡᠯ ᠠᠴᠠ ᠴᠣᠯᠭᠤᠷᠠᠨ ᠭᠠᠷᠴᠤ᠂ ᠬᠢᠨᠠᠨ ᠲᠣᠭᠲᠠᠭᠠᠬᠤ ᠺᠣᠮᠢᠰ ᠤᠨ ᠬᠢᠨᠠᠯᠲᠠ ᠪᠠᠷ ᠳᠠᠮᠵᠢᠭᠠᠳ᠂ ᠭᠤᠷᠪᠠᠳᠤᠭᠠᠷ ᠳᠡᠰ ᠤᠨ ᠱᠠᠩᠨᠠᠯ ᠣᠯᠵᠠᠢ᠃ ᠡᠨᠡ ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠭᠤᠷᠪᠠᠨ ᠵᠢᠯ ᠤᠨ ᠲᠤᠷᠰᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠰᠡᠳᠦᠪ ᠤᠨ ᠰᠤᠳᠤᠯᠭᠠᠨ  ᠤ ᠦᠷ᠎ᠡ ᠪᠦᠲᠦᠭᠡᠯ ᠠᠴᠠ ᠬᠤᠶᠠᠳᠠᠬᠢ ᠤᠳᠠᠭ᠎ᠠ ᠱᠠᠩᠨᠠᠯ ᠭᠥᠷᠳᠡᠵᠦ ᠪᠠᠶᠢᠭ᠎ᠠ ᠶᠠᠪᠤᠳᠠᠯ ᠪᠣᠯᠤᠨ᠎ᠠ᠃      ᠬᠤᠶᠢᠰᠢᠳᠠ᠂ ᠮᠠᠨ ᠤ ᠲᠢᠩᠬᠢᠮ ᠦᠷᠭᠦᠯᠵᠢᠯᠡᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠰᠤᠳᠤᠯᠭᠠᠨ ᠤ ᠡᠷᠴᠢᠮ ᠢᠶᠠᠨ ᠴᠢᠩᠭᠠᠷᠠᠭᠤᠯᠵᠤ᠂ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠰᠢᠨ᠎ᠡ ᠶᠢ ᠡᠭᠦᠳᠬᠦ ᠴᠢᠨᠠᠷ ᠢᠶᠠᠷ ᠨᠠᠩ ᠴᠢᠩᠭ᠎ᠠ ᠰᠤᠳᠤᠯᠭᠠᠨ ᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠭᠠᠷᠭᠠᠨ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ  ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠣᠶᠣᠯ ᠪᠠ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号