ᠤᠯᠠᠭᠠᠨᠬᠠᠳᠠ ᠬᠤᠲᠠ《 ᠪᠣᠳᠠᠰ ᠤᠨ ᠪᠤᠰᠤ ᠰᠣᠶᠣᠯ ᠤᠨ ᠥᠪ ᠢ ᠴᠡᠷᠢᠭ ᠤᠨ ᠬᠤᠸᠠᠷᠠᠨ ᠳᠤ ᠣᠷᠣᠭᠤᠯᠬᠤ 》ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/8
     2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠠᠵᠢᠯᠯᠠᠭᠠᠨ ᠤ ᠲᠤᠮᠤ ᠲᠢᠩᠬᠢᠮ ᠳᠤ ᠳ᠋ᠧᠩ ᠳᠤᠸᠠᠯᠠᠵᠤ᠂ ᠬᠥᠷ ᠬᠥᠭᠵᠢᠶᠡᠨ ᠢᠶᠠᠷ ᠪᠢᠯᠬᠠᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠴᠡᠷᠢᠭ ᠤᠨ ᠬᠤᠸᠠᠷᠠᠨ ᠳᠤ ᠢᠷᠡᠵᠦ᠂ ᠠᠷᠪᠠᠨ ᠬᠡᠳᠦᠨ ᠳᠠᠷᠤᠭ᠎ᠠ ᠪᠠᠶᠢᠯᠳᠤᠭᠴᠢ ᠲᠠᠢ ᠨᠢᠭᠡ ᠲᠠᠩᠬᠢᠮ ᠳᠤ ᠴᠤᠭᠯᠠᠷᠠᠵᠤ᠂ 2022 ᠣᠨ ᠢ ᠬᠠᠮᠲᠤ ᠪᠠᠷ ᠤᠭᠲᠤᠪᠠ᠃ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠠᠳᠠ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠯᠠᠭᠠᠨᠬᠠᠳᠠ  ᠶᠢᠨ ᠰᠣᠶᠣᠯ ᠦᠵᠡᠰᠬᠦᠯᠡᠩ ᠤᠨ ᠬᠦᠷᠢᠶᠡᠯᠡᠩ ᠭᠤᠤᠯᠯᠠᠨ ᠡᠷᠭᠢᠯᠡᠵᠦ᠂ ᠤᠯᠠᠭᠠᠨᠬᠠᠳᠠ ᠶᠢᠨ ᠰᠣᠶᠣᠯ ᠦᠵᠡᠰᠬᠦᠯᠡᠩ  ᠤᠨ ᠬᠦᠷᠢᠶᠡᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ᠂ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠳᠠᠭᠠᠭᠠᠴᠢᠯᠠᠨ ᠡᠷᠭᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠠᠷᠤᠭ᠎ᠠ ᠪᠠᠶᠢᠯᠳᠤᠭᠴᠢᠳ ᠲᠤ ᠨᠢᠭᠡᠨ ᠤᠳᠠᠭᠠᠨ ᠤ ᠦᠪᠡᠳᠡᠭᠰᠢ ᠶᠡᠭᠡ ᠬᠠᠷᠠᠭ᠎ᠠ ᠰᠣᠨᠣᠷ ᠤᠨ ᠳᠠᠶᠢᠯᠠᠯᠭ᠎ᠠ ᠠᠪᠴᠢᠷᠠᠵᠠᠶ᠃ ᠤᠷᠤᠨ ᠨᠤᠲᠤᠭ ᠤᠨ ᠡᠭᠡᠰᠢᠭᠯᠡᠩᠲᠦ ᠵᠤᠤ ᠤᠳᠠ ᠶᠢᠨ ᠤᠷᠳᠤ ᠪᠤᠭᠤᠨᠢ ᠠᠷᠠᠳ ᠤᠨ ᠳᠠᠭᠤᠤ᠂ ᠭᠦᠨ ᠠᠯᠤᠰ ᠴᠤᠤᠷᠢᠶᠠᠲᠤᠭᠰᠠᠨ ᠬᠥᠭᠡᠮᠡᠢ᠂ ᠣᠷᠭᠢᠯᠤᠮ᠎ᠠ ᠰᠡᠳᠬᠢᠯᠭᠡ ᠲᠠᠢ ᠮᠤᠷᠢᠨ ᠬᠤᠭᠤᠷ ᠤᠨ ᠬᠥᠭᠵᠢᠮ《 ᠲᠦᠮᠡᠨ ᠠᠬᠳᠠ ᠶᠢᠨ ᠲᠦᠪᠡᠷᠭᠡᠨ 》ᠵᠡᠷᠭᠡ ᠲᠤᠶᠢᠯ ᠤᠨ ᠶᠡᠭᠡ ᠨᠥᠯᠥᠭᠡᠯᠡᠬᠦ ᠬᠦᠴᠦᠨ ᠲᠠᠢ ᠲᠣᠭᠯᠠᠯᠲᠠ ᠨᠢ ᠪᠣᠳᠠᠰ  ᠤᠨ ᠪᠤᠰᠤ ᠰᠣᠶᠣᠯ ᠤᠨ ᠥᠪ ᠤᠨ ᠬᠢᠵᠠᠭᠠᠯᠠᠰᠢ ᠦᠭᠡᠢ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠶᠢᠨ ᠮᠠᠭᠲᠠᠭᠠᠯ ᠰᠠᠶᠢᠰᠢᠶᠠᠯ ᠢ ᠤᠯᠪᠠ᠃ ᠲᠤᠬᠠᠢ ᠶᠢᠨ ᠲᠠᠯᠠᠪᠠᠢ ᠳᠤ ᠮᠠᠭᠲᠠᠭᠠᠯ ᠰᠠᠶᠢᠰᠢᠶᠠᠯ᠂ ᠠᠯᠠᠭ᠎ᠠ ᠲᠠᠰᠢᠯᠲᠠ ᠦᠷᠭᠦᠯᠵᠢᠯᠡᠨ᠎ᠡ᠃ ᠠᠵᠢᠯᠯᠠᠭ᠎ᠠ ᠳᠤ ᠣᠷᠣᠯᠴᠠᠭᠰᠠᠨ ᠪᠦᠬᠦ ᠬᠥᠮᠦᠰ ᠬᠠᠮᠲᠤ  ᠪᠠᠷ《 ᠪᠢ ᠡᠬᠡ ᠤᠯᠤᠰ ᠲᠠᠢ ᠪᠠᠨ 》ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠠᠩᠭᠢᠨᠠᠮ᠎ᠠ ᠰᠠᠶᠢᠬᠠᠨ ᠳᠠᠭᠤᠤ ᠪᠠᠷ ᠰᠢᠨ᠎ᠡ ᠵᠢᠯ ᠢ ᠬᠠᠮᠲᠤ ᠪᠠᠷ ᠤᠭᠲᠤᠪᠠ᠃      ᠲᠣᠰ ᠤᠳᠠᠭᠠᠨ ᠤ《 ᠪᠣᠳᠠᠰ ᠤᠨ ᠪᠤᠰᠤ ᠰᠣᠶᠣᠯ ᠤᠨ ᠥᠪ ᠢ ᠴᠡᠷᠢᠭ ᠤᠨ ᠬᠤᠸᠠᠷᠠᠨ ᠳᠤ ᠣᠷᠣᠭᠤᠯᠬᠤ 》ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠬᠠᠷᠢᠯᠴᠠᠨ ᠰᠣᠯᠢᠯᠴᠠᠬᠤ ᠵᠡᠷᠭᠡ ᠦᠵᠡᠵᠦ ᠰᠣᠨᠣᠰᠬᠤ ᠳᠤᠷᠠᠲᠠᠶ ᠠᠵᠢᠯᠯᠠᠭ᠎ᠠ ᠶᠢᠨ ᠬᠡᠯᠪᠡᠷᠢ  ᠪᠠᠷ ᠳᠠᠮᠵᠢᠭᠤᠯᠤᠨ᠂ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠡᠯᠪᠡᠭ ᠪᠠᠶᠠᠯᠢᠭ《 ᠰᠣᠶᠣᠯ ᠤᠨ ᠬᠦᠨᠡᠰᠦ 》ᠬᠦᠷᠭᠡᠵᠦ᠂ ᠪᠣᠳᠠᠰ ᠤᠨ ᠪᠤᠰᠤ ᠰᠣᠶᠣᠯ ᠤᠨ ᠥᠪ ᠢᠶᠠᠷ ᠴᠡᠷᠢᠭ ᠤᠨ ᠰᠡᠳᠬᠢᠯ ᠢ ᠤᠮᠳᠠᠯᠠᠵᠤ᠂ ᠳᠠᠷᠤᠭ᠎ᠠ ᠪᠠᠶᠢᠯᠳᠤᠭᠴᠢᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠴᠡᠷᠢᠭ ᠠᠷᠠᠳ ᠨᠢᠭᠡ ᠬᠡᠷ ᠪᠦᠯᠢ ᠮᠡᠲᠦ ᠪᠦᠯᠬᠦᠮᠳᠡᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠤᠬᠠᠭᠤᠯᠵᠤ᠂ ᠪᠣᠳᠠᠰ  ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠪᠣᠳᠠᠰ  ᠤᠨ ᠪᠤᠰᠤ ᠰᠣᠶᠣᠯ ᠤᠨ ᠥᠪ ᠢ ᠬᠦᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠣᠳᠠᠰ ᠤᠨ ᠪᠤᠰᠤ ᠰᠣᠶᠣᠯ ᠤᠨ ᠥᠪ ᠢ ᠣᠳᠣ ᠶᠢᠨ ᠪᠠᠶᠢᠳᠠᠯ ᠳᠤ ᠨᠡᠩ ᠰᠠᠶᠢᠲᠤᠷ ᠠᠭᠤᠰᠬᠠᠨ ᠣᠷᠣᠭᠤᠯᠵᠤ᠂ ᠬᠥᠮᠦᠨ ᠪᠣᠳᠠᠰ ᠢ ᠠᠮᠢᠳᠤᠷᠠᠯ ᠳᠤ ᠨᠡᠩ ᠰᠠᠶᠢᠲᠤᠷ ᠣᠷᠣᠯᠴᠠᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号