ᠰᠢᠨ᠎ᠡ ᠪᠠᠷᠭᠤ ᠪᠠᠷᠠᠭᠤᠨ ᠬᠤᠰᠢᠭᠤ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/1/8
    1 ᠳ᠋ᠦ᠋ᠭᠡᠷ ᠰᠠᠷ᠎ᠠ ᠶᠢᠨ 5 ᠤ ᠡᠳᠦᠷ᠂ ᠣᠳᠣᠬᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠢᠵᠢᠭ  ᠤᠨ ᠪᠠᠶᠢᠳᠠᠯ ᠢ ᠢᠳᠡᠪᠬᠢᠲᠡᠶ ᠠᠷᠭᠠᠴᠠᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠨ᠂ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠲᠣᠪᠴᠢᠶᠠᠨ ᠤ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠶᠢᠨ ᠲᠠᠰᠤᠭ᠂ ᠲᠣᠪᠴᠢᠶᠠᠨ ᠤ ᠬᠠᠷᠢᠶᠠᠲᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ  ᠣᠷᠤᠯᠴᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠪᠥᠬᠦ ᠬᠤᠰᠢᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠣᠯᠪᠠᠴᠤ ᠣᠳᠣᠬᠠᠨ  ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠭᠰᠠᠭᠠᠷ ᠪᠠᠶᠢᠨ᠎ᠠ᠃ ᠨᠢᠭᠡ ᠳᠤ᠂ ᠪᠠᠶᠢᠭᠤᠯᠭ᠎ᠠ ᠶᠢᠨ ᠠᠵᠢᠯᠯᠠᠬᠤ ᠲᠠᠯᠠᠪᠤᠷ ᠤᠨ ᠬᠥᠮᠦᠰ ᠤᠨ ᠪᠡᠶ᠎ᠡ ᠶᠢᠨ ᠬᠠᠯᠠᠭᠤᠨ ᠢ ᠬᠡᠮᠵᠢᠵᠦ ᠺᠣᠳ᠋ ᠰᠢᠷᠪᠢᠨ ᠳᠠᠩᠰᠠᠯᠠᠬᠤ ᠶᠢ ᠴᠢᠩᠭᠠᠳᠬᠠᠨ᠎ᠠ︔ ᠬᠤᠶᠠᠷ ᠲᠤ᠂ ᠵᠢᠵᠢᠭᠦᠷᠯᠡᠵᠦ ᠰᠠᠬᠢᠬᠤ ᠰᠠᠬᠢᠯᠭ᠎ᠠ ᠪᠠᠲᠤ ᠶᠢ ᠴᠢᠩᠭᠠᠳᠬᠠᠨ᠎ᠠ︔ ᠭᠤᠷᠪᠠ ᠳᠤ᠂ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠨ᠎ᠠ᠂ ᠰᠦᠯᠵᠢᠶᠡᠨ ᠤ ᠪᠠᠭᠠᠷ᠂ KTV᠂ ᠺᠢᠨᠣ᠋ ᠶᠢᠨ ᠣᠷᠳᠣᠨ᠂ ᠦᠵᠡᠮᠵᠢ ᠶᠢᠨ ᠣᠷᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠡᠵᠡᠩᠨᠡᠯᠲᠡ ᠶᠢᠨ ᠨᠢᠭᠡᠴᠢ ᠶᠢᠨ ᠠᠵᠢᠯ ᠢᠶᠠᠨ ᠵᠣᠭᠰᠣᠭᠠᠭᠰᠠᠨ ᠪᠠᠶᠢᠳᠠᠯ ᠢ ᠪᠠᠶᠢᠴᠠᠭᠠᠵᠤ᠂ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号