ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠨᠡᠶᠢᠭᠡᠮ ᠲᠣᠭᠤᠷᠢᠭ ᠲᠤ ᠬᠦᠷᠴᠦ 《 ᠰᠢᠨ᠎ᠡ ᠵᠢᠯ ᠢ ᠪᠡᠯᠭᠡᠯᠡᠵᠦ᠂ ᠴᠠᠭᠠᠨ ᠰᠠᠷ᠎ᠠ ᠶᠢ ᠤᠭᠲᠤᠬᠤ 》 ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2022/1/8
     2021 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠪᠠ ᠱᠦᠶ ᠲᠠ ᠵᠡᠭᠡᠯᠢ ᠶᠢᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠬᠠᠮᠲᠤ ᠪᠠᠷ ᠰᠢᠨ᠎ᠡ ᠵᠢᠯ ᠢ ᠪᠡᠯᠭᠡᠯᠡᠪᠡ  ᠃      ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠲᠣᠭᠤᠷᠢᠭ ᠲᠤ ᠬᠠᠮᠲᠤ ᠶᠢᠨ ᠪᠦᠵᠢᠭ《 ᠢᠷᠥᠭᠡᠯ 》᠂ ᠬᠤᠤᠰ ᠬᠥᠮᠦᠨ ᠤ ᠪᠥᠵᠢᠭ ︽ᠰᠠᠭᠠᠷᠠᠯ ᠮᠤᠷᠢ︾  ᠂  ᠭᠤᠴᠤᠯᠠᠯ ᠲᠠᠭᠤᠤ《 ᠬᠤᠨ ᠭᠠᠯᠠᠭᠤ 》᠂ 《 ᠪᠢ ᠡᠬᠡ ᠤᠯᠤᠰ ᠲᠠᠢ ᠪᠠᠨ 》᠂ ᠣᠷᠳᠣ ᠶᠢᠨ ᠳᠠᠭᠤᠤ 《 ᠬᠦᠷᠡᠩ ᠲᠤᠯᠤᠭᠠᠢ ᠶᠢᠨ ᠰᠡᠭᠦᠲᠡᠷ 》᠂ ᠬᠤᠤᠰᠯᠠᠯ ᠳᠠᠭᠤᠤ 《 ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠶ᠎ᠠ 》᠂ ᠮᠣᠷᠢᠨ ᠬᠤᠭᠤᠷ ᠤᠨ ᠬᠦᠭᠵᠢᠮ 《 ᠲᠦᠮᠡᠨ ᠠᠭᠲᠠ  ᠶᠢᠨ ᠲᠦᠪᠡᠷᠭᠡᠨ 》 ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠭᠰᠠᠨ ᠪᠥᠭᠡᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠢᠳᠡᠪᠬᠢᠲᠡᠶ ᠬᠠᠷᠢᠯᠴᠠᠪᠠ  ᠃      ᠰᠢᠨ᠎ᠡ ᠵᠢᠯ ᠢ ᠪᠡᠯᠭᠡᠯᠡᠵᠦ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠡᠩ ᠣᠯᠠᠨ ᠠᠷᠠᠳ ᠲᠦᠮᠡᠨ ᠢ ᠲᠠᠲᠠᠨ ᠣᠷᠣᠯᠴᠠᠭᠤᠯᠵᠤ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ ᠲᠠᠭᠠᠰᠢᠶᠠᠭᠳᠠᠭᠰᠠᠨ ᠨᠡᠩ ᠣᠯᠠᠨ ᠰᠢᠯᠢᠳᠡᠭ ᠪᠦᠲᠦᠭᠡᠯ ᠢ ᠴᠢᠷᠮᠠᠶᠢᠨ ᠪᠦᠲᠦᠭᠡᠭᠰᠡᠨ ᠪᠠᠶᠢᠨ᠎ᠠ  ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号