ᠨᠢᠩᠴᠧᠩ ᠰᠢᠶᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ  ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/1/8
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠨᠢᠩᠴᠧᠩ ᠰᠢᠶᠠᠨ ᠠᠮᠵᠢᠯᠲᠠ ᠲᠠᠢ ᠦᠨᠡᠯᠡᠭᠳᠡᠪᠡ  ᠃      ᠨᠢᠩᠴᠧᠩ ᠰᠢᠶᠠᠨ ᠪᠣᠯ ᠬᠢᠳᠠᠨ ᠯᠢᠶᠣᠤ ᠤᠯᠤᠰ ᠤᠨ ᠰᠣᠶᠣᠯ ᠤᠨ ᠡᠭᠦᠰᠦᠭᠰᠡᠨ ᠭᠠᠵᠠᠷ ᠤᠨ ᠨᠢᠭᠡ᠂ ᠪᠦᠬᠦ ᠤᠯᠤᠰ ᠤᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ᠂ ᠪᠦᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ᠂ ᠪᠦᠬᠦ ᠤᠯᠤᠰ ᠤᠨ ᠠᠵᠤ ᠦᠢᠯᠡᠰ  ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠢᠶᠠᠨ᠂ ᠪᠦᠬᠦ ᠤᠯᠤᠰ ᠤᠨ ᠨᠣᠭᠤᠭᠠᠷᠠᠭᠤᠯᠤᠯᠲᠠ ᠣᠶᠢᠵᠢᠭᠤᠯᠤᠯᠲᠠ ᠶᠢᠨ ᠲᠡᠷᠢᠭᠦᠨ ᠤ ᠰᠢᠶᠠᠨ᠂ ᠤᠯᠤᠰ ᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠢᠶᠠᠨ ᠪᠣᠯᠤᠨ᠎ᠠ᠃ ᠤᠢᠢᠷ᠎ᠠ ᠶᠢᠨ ᠵᠢᠯ ᠠᠴᠠ᠂ ᠪᠦᠬᠦ ᠰᠢᠶᠠᠨ ᠢᠶᠠᠷ  ᠢᠶᠠᠨ《 ᠰᠣᠶᠣᠯ ᠵᠢᠭᠤᠯᠴᠢᠯᠠᠯ ᠢᠶᠠᠷ ᠰᠢᠶᠠᠨ ᠢᠶᠠᠨ ᠮᠠᠨᠳᠤᠭᠤᠯᠬᠤ 》 ᠬᠥᠭᠵᠢᠯᠲᠡ ᠶᠢᠨ ᠪᠠᠶᠢᠯᠳᠤᠬᠤ ᠪᠤᠳᠤᠯᠭ᠎ᠠ  ᠶᠢ ᠶᠡᠬᠡᠪᠡᠷ ᠬᠡᠷᠡᠭᠵᠢᠭᠦᠯᠵᠦ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ᠂ ᠵᠢᠭᠤᠯᠴᠢᠯᠠᠯ ᠤᠨ ᠡᠬᠢ ᠪᠠᠶᠠᠯᠢᠭ ᠪᠣᠯᠤᠨ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠬᠦ ᠣᠷᠣᠨ ᠪᠦᠰᠡ᠂ ᠪᠦᠬᠦ ᠡᠯᠧᠮᠧᠨ᠋ᠲ᠂ ᠪᠦᠬᠦ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠪᠠ  ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠡᠷᠴᠢᠮ ᠢᠶᠠᠷ ᠠᠬᠢᠭᠤᠯᠵᠤ᠂ ᠣᠨᠴᠠᠯᠢᠭ ᠢᠶᠠᠷ ᠢᠯᠡ ᠲᠣᠳᠣ᠂ ᠡᠯᠧᠮᠧᠨ᠋ᠲ ᠢᠶᠠᠷ ᠪᠦᠷᠢᠨ ᠭᠦᠶᠴᠡᠳ᠂ ᠢᠵᠢ ᠪᠥᠷᠢᠳᠦᠭᠰᠡᠨ ᠣᠨᠴᠠᠯᠢᠭᠲᠤ ᠰᠣᠶᠣᠯ  ᠤᠨ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠣᠷᠣᠨ ᠪᠦᠰᠡ ᠪᠠᠷ ᠪᠦᠷᠬᠦᠭᠦᠯᠦᠭᠰᠡᠨ᠂ ᠪᠥᠬᠦ ᠣᠷᠣᠨ ᠪᠦᠰᠡ ᠪᠠᠷ ᠬᠠᠮᠵᠢᠯᠴᠠᠭᠰᠠᠨ᠂ ᠪᠥᠬᠦ ᠣᠷᠣᠨ ᠪᠦᠰᠡ ᠪᠠᠷ ᠬᠠᠮᠲᠤ ᠪᠠᠷ ᠪᠥᠲᠥᠭᠡᠨ ᠪᠠᠶᠢᠭᠤᠯᠤᠭᠰᠠᠨ᠂ ᠪᠥᠬᠦ ᠣᠷᠣᠨ ᠪᠦᠰᠡ ᠪᠠᠷ ᠬᠠᠮᠲᠤ ᠪᠠᠷ ᠡᠳ᠋ᠯᠡᠭᠰᠡᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠨᠢᠩᠴᠧᠩ ᠰᠢᠶᠠᠨ ᠢ ᠠᠯᠬᠤᠮ ᠠᠯᠬᠤᠮ ᠢᠶᠠᠷ ᠪᠡᠭᠡᠵᠢᠩ ᠲᠢᠶᠠᠨᠵᠢᠨ ᠾᠧᠪᠧᠶ ᠶᠢ ᠲᠣᠭᠤᠷᠢᠭᠰᠠᠨ᠂ ᠬᠠᠷᠠᠮᠥ᠋ᠷᠡᠨ ᠭᠢᠷᠢᠨ ᠯᠢᠶᠣᠤᠨᠢᠩ ᠢ ᠨᠥᠯᠥᠭᠡᠯᠡᠭᠰᠡᠨ ᠴᠢᠬᠤᠯᠠ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ  ᠪᠤᠯᠭᠠᠪᠠ᠃ ᠤᠯᠤᠰ ᠤᠨ ᠲᠠᠰ ᠤᠨ 4A ᠲᠠᠰ ᠤᠨ ᠦᠵᠡᠮᠵᠢ ᠶᠢᠨ ᠣᠷᠣᠨ  ᠢ 2᠂ 2 A ᠲᠠᠰ ᠤᠨ ᠦᠵᠡᠮᠵᠢ ᠶᠢᠨ ᠣᠷᠣᠨ ᠢ 6 ᠪᠠᠶᠢᠭᠤᠯᠪᠠ᠃ ᠤᠯᠤᠰ ᠤᠨ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 5᠂ ᠥᠪᠡᠷᠲᠡᠭᠡᠨ ᠵᠠᠰᠠᠬᠤ ᠣᠷᠣᠨ ᠤ ᠲᠠᠰ  ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 2᠂ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ 3 ᠪᠣᠶ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ 5 ᠵᠦᠶᠯ ᠪᠤᠢ᠃ ᠪᠦᠬᠦ ᠤᠯᠤᠰ  ᠤᠨ ᠲᠦᠷᠦᠭᠦᠦ ᠪᠦᠯᠦᠭ ᠤᠨ ᠣᠨᠴᠠᠯᠢᠭᠲᠤ ᠵᠢᠵᠢᠭ ᠪᠠᠯᠭᠠᠰᠤ 1᠂ ᠪᠦᠬᠦ ᠤᠯᠤᠰ ᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ 1᠂ ᠪᠦᠬᠦ ᠤᠯᠤᠰ ᠤᠨ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠣᠨᠴᠠᠯᠢᠭᠲᠤ ᠵᠢᠵᠢᠭ ᠪᠠᠯᠭᠠᠰᠤ 1᠂ ᠡᠯ᠎ᠡ ᠲᠥᠷᠥᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ 149  ᠦᠨᠡᠯᠡᠭᠳᠡᠵᠦ᠂ ᠠᠮᠢ ᠠᠬᠤᠢ ᠰᠠᠶᠢᠨ᠂ ᠬᠥᠳᠡᠭᠡ ᠲᠣᠰᠬᠤᠨ ᠬᠥᠭᠵᠢᠭᠰᠡᠨ᠂ ᠣᠯᠠᠨ ᠲᠦᠮᠡᠨ ᠪᠠᠶᠠᠨ ᠴᠢᠨᠡᠭᠡᠯᠢᠭ᠂ ᠦᠷᠭᠦᠯᠵᠢᠯᠡᠭᠦᠰᠢᠲᠡᠢ ᠪᠦᠬᠦ ᠣᠷᠣᠨ ᠪᠦᠰᠡ ᠶᠢᠨ ᠵᠢᠭᠤᠯᠴᠢᠯᠠᠯ  ᠤᠨ ᠬᠥᠭᠵᠢᠯᠲᠡ ᠶᠢᠨ ᠵᠠᠮ ᠢᠶᠠᠷ ᠵᠠᠮᠨᠠᠵᠠᠢ  ᠃
 
ᠢᠷᠡᠯᠲᠡ᠄ ᠨᠢᠩᠴᠧᠩ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号