ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠢᠯᠣᠭᠤᠳᠬᠤ ᠳᠤᠭᠤᠶᠢᠯᠠᠩ ᠷᠠᠰᠢᠶᠠᠨ ᠳᠤ ᠬᠦᠷᠴᠦ 《 ᠬᠤᠶᠠᠷ ᠲᠣᠭᠤᠷᠢᠭ 》 ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2022/1/8
    1 ᠳ᠋ᠦ᠋ᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ ᠬᠠᠮᠲᠤ ᠪᠠᠷ ᠷᠠᠰᠢᠶᠠᠨ ᠳᠤ ᠬᠦᠷᠴᠦ᠂ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠵᠢᠯᠤᠭᠤᠳᠪᠠ  ᠃      ᠵᠢᠯᠣᠭᠤᠳᠬᠤ ᠳᠤᠭᠤᠶᠢᠯᠠᠩ ᠤᠨ ᠬᠢᠨ ᠪᠥᠲᠥᠭᠡᠨ ᠪᠠᠶᠢᠭᠤᠯᠬᠤ ᠠᠵᠢᠯ ᠤᠨ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠵᠢᠭᠠᠨ ᠵᠢᠯᠣᠭᠤᠳᠪᠠ  ᠃ ᠡᠭᠦᠨ ᠤ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠡᠭᠦᠳᠦᠨ ᠪᠠᠶᠢᠭᠤᠯᠬᠤ ᠠᠵᠢᠯ  ᠤᠨ ᠪᠠᠷᠢᠮᠵᠢᠶ᠎ᠠ ᠲᠠᠢ ᠬᠠᠷᠢᠴᠠᠭᠤᠯᠵᠤ᠂ ᠵᠤᠷᠪᠤᠰ ᠳᠠᠷᠠᠭᠠᠯᠠᠨ ᠬᠠᠷᠭᠤᠭᠤᠯᠵᠤ᠂ ᠵᠤᠷᠪᠤᠰ ᠳᠠᠷᠠᠭᠠᠯᠠᠨ ᠡᠮᠬᠢᠯᠡᠵᠦ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ  ᠶᠢ ᠣᠨᠣᠪᠴᠢᠲᠠᠶ ᠡᠷᠢᠵᠦ᠂ ᠷᠠᠰᠢᠶᠠᠨ ᠬᠤᠲᠠ ᠶᠢᠨ ᠬᠤᠨᠤᠭ  ᠤᠨ ᠪᠠᠭᠤᠳᠠᠯ ᠤᠨ ᠡᠵᠡᠩᠨᠡᠯᠲᠡ ᠶᠢᠨ ᠪᠠᠶᠢᠳᠠᠯ ᠲᠥᠯᠥᠪ ᠨᠢ ᠪᠠᠶᠠᠯᠢᠭ ᠪᠤᠰᠤ᠂ ᠲᠡᠮᠳᠡᠭ ᠫᠠᠶᠢᠰᠠ ᠨᠢ ᠲᠡᠭᠦᠯᠳᠡᠷ ᠪᠤᠰᠤ ᠵᠡᠷᠭᠡ ᠬᠦᠷᠦᠯᠴᠡᠬᠦ ᠥᠬᠡᠶ ᠲᠠᠯ᠎ᠠ ᠳᠤ  ᠲᠤᠬᠠᠶ ᠶᠢᠨ ᠲᠠᠯᠠᠪᠤᠷ ᠲᠤ ᠰᠢᠶᠳᠪᠦᠷᠢᠯᠡᠬᠦ ᠠᠷᠭ᠎ᠠ ᠳᠤᠷᠠᠳᠴᠤ᠂ ᠠᠵᠢᠯ ᠢ ᠠᠬᠢᠭᠤᠯᠬᠤ ᠲᠥᠯᠥᠪᠯᠡᠭᠡ ᠶᠢ ᠲᠣᠭᠲᠠᠭᠠᠪᠠ  ᠃ ᠷᠠᠰᠢᠶᠠᠨ ᠬᠤᠲᠠ ᠶᠢᠨ ᠭᠤᠤᠯ ᠤᠳᠤᠷᠢᠳᠤᠯᠭ᠎ᠠ ᠪᠠ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠠᠢ ᠰᠠᠭᠤᠳᠠᠯ  ᠤᠨ ᠬᠤᠷᠠᠯ ᠬᠢᠵᠦ᠂ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠣᠬᠢᠴᠠᠭᠤᠯᠤᠨ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠵᠡᠷᠭᠡ ᠶᠢ ᠰᠣᠨᠣᠰᠴᠤ᠂ ᠲᠠᠷᠠᠭᠠᠴᠢ  ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ  ᠦᠨᠡᠨ ᠬᠦ ᠬᠡᠷᠡᠭᠵᠢᠭᠦᠯᠦᠭᠦᠰᠢᠲᠡᠶ ᠰᠠᠨᠠᠯ ᠰᠠᠨᠠᠭᠤᠯᠭ᠎ᠠ ᠳᠤᠷᠠᠳᠪᠠ  ᠃      ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠷᠠᠰᠢᠶᠠᠨ ᠬᠤᠲᠠ ᠶᠢᠨ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ  ᠢ ᠪᠠᠶᠢᠭᠤᠯᠬᠤ 《 ᠲᠥᠰᠥᠯ  ᠵᠢᠷᠤᠭ 》 ᠢ ᠲᠣᠭᠲᠠᠭᠠᠵᠤ᠂ ᠵᠢᠷᠤᠭ  ᠲᠥᠰᠦᠯ  ᠢᠶᠠᠷ ᠠᠵᠢᠯᠯᠠᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠢᠯᠣᠭᠤᠳᠬᠤ᠂ ᠬᠠᠮᠵᠢᠯᠴᠠᠬᠤ᠂ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠷᠠᠰᠢᠶᠠᠨ ᠬᠤᠲᠠ ᠶᠢᠨ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠬᠤᠭᠤᠴᠠᠭ᠎ᠠ ᠶᠣᠰᠣᠭᠠᠷ ᠡᠭᠦᠳᠦᠨ ᠪᠠᠶᠢᠭᠤᠯᠬᠤ ᠶᠢ ᠠᠬᠢᠭᠤᠯᠤᠨ᠎ᠠ  ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号