ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ  ᠤᠨ ᠤᠳᠤᠷᠢᠳᠬᠤ ᠳᠤᠭᠤᠶᠢᠯᠠᠩ 《 ᠨᠠᠮ ᠤᠨ ᠡᠭᠦᠷ ᠪᠤᠯᠭᠠᠨ ᠢᠶᠠᠷ ᠲᠣᠭᠤᠷᠢᠨ ᠦᠵᠡᠬᠦ 》  ᠶᠢ ᠥᠷᠨᠢᠭᠦᠯᠵᠦ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠭᠰᠡᠨ ᠪᠠᠶᠢᠳᠠᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/8
     《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠦᠶᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ ᠢ ᠰᠢᠶᠳᠪᠦᠷᠢᠯᠡᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 4 ᠤ ᠡᠳᠦᠷ᠂ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠥᠩ ᠶᠤᠸᠠᠢ ᠰᠢᠶᠠ ᠪᠦᠯᠬᠦᠮ ᠳᠠᠭᠠᠭᠤᠯᠤᠨ ᠬᠤᠲᠠ ᠶᠢᠨ ᠰᠣᠶᠣᠯ ᠷᠠᠳᠢᠣ᠋ ᠲᠧᠯᠸᠢᠰ ᠤᠨ ᠦᠶᠯᠡᠰ ᠤᠨ ᠬᠥᠭᠵᠢᠯᠲᠡ ᠶᠢᠨ ᠲᠥᠪ᠂ ᠦᠬᠠᠶ ᠶᠢᠨ ᠤᠯᠠᠭᠠᠨᠮᠥ᠋ᠴᠢᠷ  ᠲᠤ ᠪᠠᠶᠢᠴᠠᠭᠠᠨ ᠰᠤᠳᠤᠯᠤᠯᠲᠠ ᠬᠢᠪᠠ  ᠃      ᠪᠠᠶᠢᠴᠠᠭᠠᠨ ᠰᠤᠳᠤᠯᠬᠤ ᠳᠤᠭᠤᠶᠢᠯᠠᠩ ᠦᠬᠠᠶ ᠶᠢᠨ ᠤᠯᠠᠭᠠᠨᠮᠥ᠋ᠴᠢᠷ ᠤᠨ ᠰᠢᠨ᠎ᠡ ᠪᠠᠷ ᠰᠡᠯᠪᠢᠨ ᠵᠠᠰᠠᠵᠤ ᠥᠭᠡᠷᠡᠴᠢᠯᠡᠭᠰᠡᠨ ᠳᠠᠭᠤ ᠰᠢᠩᠭᠡᠭᠡᠬᠦ ᠫᠧᠩ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃  ᠤᠤᠯ ᠤᠨ ᠪᠣᠯᠪᠠᠰᠤᠷᠠᠬᠤ ᠲᠢᠩᠬᠢᠮ ᠠᠴᠠ ᠥᠭᠡᠷᠡᠴᠢᠯᠡᠨ ᠪᠠᠶᠢᠭᠤᠯᠵᠤ᠂  200 m2  ᠤᠨ ᠲᠠᠯᠠᠪᠠᠶ ᠲᠠᠢ ᠲᠠᠭᠤ ᠰᠢᠩᠭᠡᠭᠡᠬᠦ ᠫᠧᠩ   ᠨᠢ ᠲᠠᠭᠤ ᠰᠢᠩᠭᠡᠭᠡᠬᠦ ᠲᠠᠰᠤᠭ᠂ ᠠᠶ᠎ᠠ ᠨᠠᠶᠢᠷᠠᠭᠤᠯᠬᠤ ᠲᠠᠰᠤᠭ ᠢ ᠪᠠᠭᠲᠠᠭᠠᠵᠤ᠂ ᠦᠬᠠᠶ ᠬᠤᠲᠠ ᠶᠢᠨ ᠵᠠᠰᠠᠭ  ᠤᠨ ᠣᠷᠳᠣᠨ ᠤ ᠰᠢᠨᠵᠢ ᠴᠢᠨᠠᠷ ᠲᠠᠢ ᠣᠯᠠᠨ ᠲᠦᠮᠡᠨ ᠳᠤ ᠬᠠᠨᠳᠤᠭᠤᠯᠤᠭᠰᠠᠨ ᠲᠠᠭᠤ ᠰᠢᠩᠭᠡᠭᠡᠬᠦ ᠠᠩᠬᠠᠳᠠᠭᠴᠢ ᠲᠤᠰᠬᠠᠶ ᠫᠧᠩ ᠪᠣᠯᠤᠨ᠎ᠠ᠃ ᠲᠡᠷᠡ ᠨᠢ ᠦᠬᠠᠶ ᠬᠤᠲᠠ ᠶᠢᠨ ᠨᠠᠶᠢᠷᠠᠯ ᠳᠠᠭᠤᠤ ᠶᠢᠨ ᠲᠠᠭᠤ ᠰᠢᠩᠭᠡᠭᠡᠬᠦ ᠲᠠᠯᠠᠪᠤᠷ ᠣᠷᠳᠣ ᠬᠤᠭᠤᠴᠠᠭ᠎ᠠ ᠪᠠᠷ ᠦᠭᠡᠢ ᠪᠠᠶᠢᠭᠰᠠᠨ ᠠᠰᠠᠭᠤᠳᠠᠯ ᠢ ᠰᠢᠶᠳᠪᠦᠷᠢᠯᠡᠭᠰᠡᠨ ᠪᠥᠭᠡᠳ ᠦᠬᠠᠶ ᠶᠢᠨ ᠤᠯᠠᠭᠠᠨᠮᠥ᠋ᠴᠢᠷ ᠤᠨ 《 ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ  ᠥᠭᠬᠦ 》 ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠶᠢᠰᠢᠳᠠ ᠰᠦᠯᠵᠢᠶᠡᠨ  ᠳᠡᠭᠡᠷ᠎ᠡ ᠤᠯᠠᠭᠠᠨᠮᠥ᠋ᠴᠢᠷ ᠤᠨ ᠣᠯᠠᠨ ᠨᠡᠶᠢᠲᠡ ᠶᠢᠨ ᠦᠶᠯᠡᠴᠢᠯᠡᠭᠡ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ  ᠃ ᠪᠠᠰᠠ ᠬᠤᠲᠠ ᠶᠢᠨ ᠰᠣᠶᠣᠯ ᠷᠠᠳᠢᠣ᠋ ᠲᠧᠯᠸᠢᠰ ᠤᠨ ᠦᠶᠯᠡᠰ ᠤᠨ ᠬᠥᠭᠵᠢᠯᠲᠡ ᠶᠢᠨ ᠲᠥᠪ ᠤᠨ ᠠᠯᠪᠠᠨ ᠬᠡᠷ ᠤᠨ ᠲᠠᠯᠠᠪᠤᠷ ᠭᠠᠵᠠᠷ  ᠢ ᠲᠤᠬᠠᠶ ᠶᠢᠨ ᠭᠠᠵᠠᠷ  ᠲᠤ ᠨᠢ ᠪᠠᠶᠢᠴᠠᠭᠠᠨ ᠰᠤᠳᠤᠯᠵᠤ᠂ ᠠᠷᠪᠢᠯᠠᠨ ᠬᠡᠮᠨᠡᠵᠦ ᠥᠨᠳᠥᠷ ᠪᠦᠲᠦᠮᠵᠢᠲᠡᠶ ᠠᠵᠢᠯᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ ᠠᠳᠠᠯ ᠦᠶᠯᠡᠰ ᠴᠣᠭᠴᠠᠯᠠᠬᠤ  ᠶᠢ ᠳᠤᠳᠤᠷᠬᠠᠶᠢᠯᠠᠬᠤ᠂ ᠰᠢᠨ᠎ᠡ ᠶᠢ ᠡᠭᠦᠳᠴᠦ ᠣᠯᠠᠨ ᠲᠦᠮᠡᠨ ᠳᠤ ᠦᠶᠯᠡᠴᠢᠯᠡᠬᠦ ᠠᠷᠭ᠎ᠠ ᠵᠠᠮ ᠳᠤ ᠰᠠᠭᠤᠷᠢᠯᠠᠨ ᠠᠵᠢᠯ ᠥᠷᠨᠢᠭᠦᠯᠬᠦ ᠪᠠ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠬᠢᠬᠦ  ᠳᠤ ᠪᠠᠨ ᠣᠯᠠᠨ ᠲᠦᠮᠡᠨ ᠤ ᠬᠡᠷᠡᠭᠴᠡᠭᠡ ᠶᠢ ᠣᠨᠣᠪᠴᠢᠲᠠᠶ ᠡᠵᠡᠮᠰᠢᠬᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠰᠡᠳᠬᠢᠴᠡ᠂ ᠠᠷᠭ᠎ᠠ ᠬᠡᠮᠵᠢᠶ᠎ᠡ ᠵᠡᠷᠭᠡ ᠪᠠᠨ ᠥᠷᠭᠡᠳᠬᠡᠬᠦ ᠲᠤᠬᠠᠶ ᠰᠠᠨᠠᠯ ᠢᠶᠠᠨ ᠰᠣᠯᠢᠯᠴᠠᠪᠠ  ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号