ᠠᠯᠠᠱᠠ ᠠᠶᠢᠮᠠᠭ ᠤᠨ ᠰᠣᠶᠣᠯ ᠤᠨ ᠣᠷᠳᠣᠨ 《 2021 ᠣᠨ ᠤ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ  ᠪᠦᠯᠬᠦᠮ 》 ᠤᠨ ᠢᠷᠠᠭᠤ ᠠᠯᠳᠠᠷ  ᠢ ᠭᠥᠷᠳᠡᠪᠡ
ᠨᠡᠶᠢᠲᠡᠯᠡᠭᠰᠡᠨ ᠴᠠᠭ᠄
2022/1/8
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ  ᠰᠢᠯᠭᠠᠷᠠᠭᠤᠯᠤᠯ ᠪᠠ  ᠵᠠᠷᠯᠠᠯ  ᠢᠶᠠᠷ ᠳᠡᠮᠵᠢᠨ᠂ 12 ᠲᠥᠷᠥᠯ ᠵᠦᠶᠯ ᠢ ᠪᠥᠬᠦ ᠣᠷᠣᠨ ᠤ  ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ ᠲᠥᠷᠥᠯ ᠵᠦᠶᠯ ᠢᠶᠠᠷ  ᠨᠡᠷᠡᠶᠢᠳᠪᠡ᠃ ᠡᠬᠦᠨ  ᠳᠤ᠂ 11 ᠪᠦᠯᠬᠦᠮ  ᠢ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ  ᠪᠦᠯᠬᠦᠮ  ᠢᠶᠠᠷ ᠨᠡᠷᠡᠶᠢᠳᠴᠦ᠂ 10 ᠬᠤᠪᠢ ᠬᠥᠮᠦᠨ ᠢ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠯᠢᠳᠡᠭ ᠰᠠᠶᠢᠨ ᠳᠤᠷᠠᠴᠣᠣᠯ  ᠢᠶᠠᠷ ᠨᠡᠷᠡᠶᠢᠳᠪᠡ᠃ ᠠᠯᠠᠱᠠ ᠠᠶᠢᠮᠠᠭ ᠤᠨ ᠰᠣᠶᠣᠯ ᠤᠨ ᠣᠷᠳᠣᠨ ᠨᠢ 2021 ᠣᠨ ᠤ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠯᠢᠳᠡᠭ  ᠪᠦᠯᠬᠦᠮ ᠤᠨ ᠨᠡᠷᠡᠰ  ᠤᠨ ᠵᠢᠭᠰᠠᠭᠠᠯᠲᠠ ᠳᠤ ᠣᠷᠣᠪᠠ  ᠃      ᠲᠣᠰ ᠤᠳᠠᠭᠠᠨ ᠤ ᠰᠢᠯᠭᠠᠷᠠᠭᠤᠯᠤᠯᠲᠠ ᠪᠣᠯ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ  ᠶᠢᠨ ᠦᠶᠯᠡᠴᠢᠯᠡᠭᠡᠨ ᠤ ᠠᠵᠢᠯᠯᠠᠭ᠎ᠠ ᠶᠢᠨ ᠲᠤᠷᠰᠢᠯᠭ᠎ᠠ ᠶᠢᠨ ᠨᠥᠯᠥᠭᠡ ᠶᠡᠭᠡ᠂ ᠦᠷ᠎ᠡ ᠪᠦᠲᠦᠮᠵᠢᠲᠡᠶ ᠳ᠋ᠦᠩᠨᠡᠯᠲᠡ ᠮᠥᠨ᠂ ᠪᠠᠰᠠ ᠴᠤ ᠲᠡᠷᠢᠭᠦᠨ ᠤ ᠲᠥᠷᠥᠯ ᠵᠦᠶᠯ᠂ ᠪᠦᠯᠬᠦᠮ ᠨᠡᠶᠢᠲᠡ᠂ ᠰᠠᠶᠢᠨ ᠳᠤᠷᠠᠴᠤᠤᠯ ᠤᠨ ᠳᠡᠯᠭᠡᠷᠡᠭᠦᠯᠦᠯᠲᠡ ᠮᠥᠨ  ᠃ ᠠᠯᠠᠱᠠ ᠠᠶᠢᠮᠠᠭ ᠤᠨ ᠰᠣᠶᠣᠯ ᠤᠨ ᠣᠷᠳᠣᠨ ᠨᠢ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠠᠪᠤᠴᠠ ᠳᠤ᠂ ᠪᠣᠳᠠᠲᠠᠶ ᠲᠠᠢ ᠤᠶᠠᠯᠳᠤᠭᠤᠯᠤᠨ᠂ ᠠᠵᠢᠯᠯᠠᠭ᠎ᠠ ᠶᠢᠨ ᠠᠴᠢᠶᠠᠯᠠᠪᠤᠷᠢ  ᠶᠢ ᠰᠢᠨᠡᠳᠬᠡᠵᠦ  ᠂ ᠪᠣᠯᠪᠠᠰᠤᠷᠠᠭᠤᠯᠤᠯ᠂ ᠲᠠᠶᠢᠯᠤᠮᠵᠢ᠂ ᠤᠷᠠᠨ ᠰᠠᠶᠢᠬᠠᠨ ᠤ ᠦᠵᠡᠭᠦᠯᠭᠡ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠂ ᠣᠯᠠᠨ ᠲᠦᠮᠡᠨ ᠤ ᠰᠣᠶᠣᠯ  ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠦᠶᠯᠡᠳᠦᠯᠭᠡ ᠶᠢᠨ ᠴᠢᠳᠠᠪᠤᠷᠢ ᠶᠢ  ᠳᠤᠪᠤᠶᠢᠯᠭᠠᠪᠠ︔ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠠᠵᠢᠯᠯᠠᠭ᠎ᠠ ᠪᠠᠷ ᠳᠠᠮᠵᠢᠭᠤᠯᠤᠨ  ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠷᠢᠳᠢ ᠰᠢᠳᠢ ᠶᠢ ᠢᠯᠡᠷᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠰᠣᠶᠣᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠮᠢᠵᠢᠷᠠᠯ ᠤᠨ ᠬᠦᠴᠦᠨ ᠢ  ᠢᠯᠡᠷᠡᠬᠦᠯᠪᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠦᠲᠦᠮᠵᠢᠲᠡᠢ ᠥᠷᠨᠢᠭᠦᠯᠵᠦ᠂ ᠪᠦᠬᠦ ᠠᠶᠢᠮᠠᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ  ᠃       ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ   ᠨᠢ ᠠᠯᠠᠱᠠ ᠠᠶᠢᠮᠠᠭ ᠤᠨ ᠰᠣᠶᠣᠯ ᠤᠨ ᠣᠷᠳᠣᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠪᠦᠯᠬᠦᠮ ᠤᠨ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠶᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠳᠤ ᠨᠠᠩ ᠡᠯᠪᠡᠭ ᠪᠠᠶᠠᠯᠢᠭ ᠰᠣᠶᠣᠯ ᠤᠨ ᠰᠠᠶᠢᠨ ᠳᠤᠷ᠎ᠠ  ᠶᠢᠨ ᠦᠶᠯᠡᠴᠢᠯᠡᠭᠡ ᠬᠠᠩᠭᠠᠬᠤ ᠪᠣᠯᠤᠨ᠎ᠠ  ᠃ ᠡᠭᠦᠨ ᠤ ᠬᠠᠮᠲᠤ᠂ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠤ ᠨᠡᠷᠡᠶᠢᠳᠦᠭᠳᠡᠭᠰᠡᠨ ᠪᠦᠯᠬᠦᠮ ᠨᠡᠶᠢᠲᠡ ᠪᠠ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂  ᠳᠠᠪᠰᠢᠩᠭᠤᠢ  ᠵᠣᠷᠢᠭ ᠰᠠᠨᠠᠭ᠎ᠠ ᠶᠢ ᠴᠢᠷᠮᠠᠶᠢᠨ ᠳᠡᠯᠭᠡᠷᠡᠬᠦᠯᠵᠦ᠂ ᠰᠠᠶᠢᠨ ᠳᠤᠷ᠎ᠠ ᠶᠢᠨ ᠦᠶᠯᠡᠴᠢᠯᠡᠭᠡᠨ ᠤ ᠰᠢᠨ᠎ᠡ ᠴᠠᠭ ᠦᠶ᠎ᠡ ᠳᠤ ᠨᠡᠶᠢᠭᠡᠮ ᠳᠤ ᠦᠶᠯᠡᠴᠢᠯᠡᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠪᠠ ᠵᠢᠭᠤᠯᠴᠢᠯᠠᠯ ᠤᠨ ᠦᠶᠯᠡᠴᠢᠯᠡᠭᠡᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠨᠠᠩ ᠶᠡᠭᠡ ᠦᠶᠯᠡᠳᠦᠯ ᠦᠵᠡᠭᠦᠯᠬᠦ ᠶᠢ ᠵᠣᠷᠢᠭᠵᠢᠭᠤᠯᠤᠨ᠎ᠠ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号