ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ〈 ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ 〉 ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2022/1/8
     1 ᠳ᠋ᠦ᠋ᠭᠡᠷ ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ《  ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ〈 ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ 〉 ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠪᠠ᠃      ᠬᠡᠷᠡᠭᠵᠢᠭᠦᠯᠬᠦ ᠲᠥᠰᠦᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ  ᠶᠢᠨ ᠫᠢᠩ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠪᠠᠷᠢᠮᠲᠠᠯᠠᠪᠠ᠃ ᠬᠡᠷᠡᠭᠵᠢᠭᠦᠯᠬᠦ ᠲᠥᠰᠦᠯ ᠨᠢ ᠶᠡᠷᠦᠩᠬᠡᠶ ᠱᠠᠭᠠᠷᠳᠠᠯᠭ᠎ᠠ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ ᠶᠢ ᠪᠦᠷᠢᠨᠰᠢᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ ᠲᠠᠯ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号