︽ᠣᠯᠠᠨ ᠨᠡᠶᠢᠲᠡ ᠶᠢᠨ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/10/14
     ᠣᠯᠠᠨ ᠨᠡᠶᠢᠲᠡ ᠶᠢᠨ ᠨᠣᠮ ᠤᠨ ᠰᠠᠩ ᠤᠨ ᠰᠢᠨᠵᠢᠯᠡᠬᠦ ᠤᠬᠠᠭᠠᠨᠴᠢᠯᠠᠬᠤ᠂ ᠲᠤᠰᠬᠠᠶᠢᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ᠂ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠬᠠᠳᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠤᠨ ᠬᠡᠷᠡᠭᠯᠡᠭᠡᠨ ᠤ ᠥᠷᠲᠡᠭ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ   ᠶᠢᠨ ᠨᠣᠮ ᠤᠨ ᠰᠠᠩ ᠤᠨ ᠣᠷᠣᠨ ᠰᠠᠭᠤᠴᠠ   ᠶᠢᠨ ᠣᠷᠣᠨ ᠵᠠᠢ   ᠶᠢ ᠪᠦᠲᠦᠮᠵᠢᠲᠡᠶ ᠠᠰᠢᠭᠯᠠᠬᠤ ᠶᠢᠨ ᠲᠦᠯᠦᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠣᠷᠴᠢᠮᠬᠠᠨ ᠳᠤ ︽ᠣᠯᠠᠨ ᠨᠡᠶᠢᠲᠡ ᠶᠢᠨ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ︵︽ᠠᠷᠭ᠎ᠠ︾ ᠭᠡᠵᠦ ᠲᠣᠪᠴᠢᠯᠠᠨ᠎ᠠ︶ ᠶᠢᠨ ᠮᠡᠳᠡᠭᠳᠡᠯ   ᠢ ᠳᠠᠷᠤᠮᠠᠯᠯᠠᠨ ᠲᠠᠷᠬᠠᠭᠠᠪᠠ᠂ ᠡᠭᠦᠨ ᠳᠤ ᠵᠢᠩᠬᠢᠨᠢ ᠪᠠᠷ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ   ᠤᠨ ᠥᠮᠴᠢᠯᠡᠯ ᠤᠨ ᠡᠷᠬᠡ   ᠶᠢ ᠰᠢᠯᠵᠢᠭᠦᠯᠦᠨ ᠥᠭᠬᠦ ᠪᠤᠶᠤ ᠥᠮᠴᠢᠯᠡᠯ ᠤᠨ ᠡᠷᠬᠡ   ᠶᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠵᠦᠢᠯᠡᠰ   ᠢ ᠲᠣᠳᠣᠷᠬᠠᠢ  ᠲᠤᠭᠳᠠᠭᠠᠪᠠ  ᠃      ︽ᠠᠷᠭ᠎ᠠ︾ ᠳᠤ ᠵᠢᠭᠠᠵᠤ ᠭᠠᠷᠭᠠᠭᠰᠠᠨ ᠨᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ᠪᠠ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾  ᠂ ︽ᠲᠥᠪ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃ ᠤᠯᠠᠨ ᠨᠡᠶᠢᠲᠡ ᠶᠢᠨ ᠨᠣᠮ ᠤᠨ ᠰᠠᠩ ᠨᠢ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ   ᠢ ᠲᠣᠬᠢᠲᠠᠢ ᠬᠠᠲᠠᠭᠠᠯᠠᠵᠤ᠂ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠃ ᠦᠨᠡᠬᠡᠷ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠭᠦᠯᠬᠦ᠂ ᠱᠠᠲᠤ ᠬᠤᠪᠢᠶᠠᠨ ᠲᠦᠷᠦᠯ ᠬᠤᠪᠢᠶᠠᠬᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ᠂ ᠬᠠᠮᠵᠢᠯᠴᠠᠨ ᠬᠠᠮᠲᠤᠷᠠᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠨᠢ ᠲᠡᠦᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠨᠣᠮ ᠪᠢᠴᠢᠭ᠂ ᠳᠠᠩᠰᠠ ᠡᠪᠬᠡᠮᠡᠯ ᠳᠤ ᠲᠣᠭᠠᠴᠠᠭᠳᠠᠬᠤ ᠪᠤᠶᠤ ᠤᠯᠤᠰ ᠤᠨ ᠨᠢᠭᠤᠴᠠ ᠳᠤ ᠬᠤᠯᠪᠤᠭᠳᠠᠪᠠᠯ ᠵᠠᠷᠴᠢᠮ ᠳᠡᠭᠡᠷ᠎ᠡ ᠪᠠᠨ ᠰᠢᠢᠳᠪᠦᠷᠢᠯᠡᠬᠦ ᠦᠭᠡᠢ᠂ ᠦᠨᠡᠬᠡᠷ ᠰᠢᠢᠳᠪᠦᠷᠢᠯᠡᠬᠦ ᠴᠢᠬᠤᠯᠠᠲᠠᠢ ᠪᠠᠶᠢᠪᠠᠯ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠡᠷᠲᠡᠨ ᠤ ᠨᠣᠮ ᠪᠢᠴᠢᠭ ᠢ ᠬᠠᠮᠢᠶᠠᠷᠬᠤ᠂ ᠳᠠᠩᠰᠠ ᠡᠪᠬᠡᠮᠡᠯ ᠢ ᠬᠠᠮᠢᠶᠠᠷᠬᠤ ᠪᠤᠶᠤ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃      ︽ᠠᠷᠭ᠎ᠠ︾ ᠳᠤ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ  ᠢ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠡᠪᠳᠡᠷᠡᠵᠦ ᠰᠦᠢᠳᠦᠭᠰᠡᠨ ᠨᠢ ᠬᠦᠨᠳᠦ ᠨᠣᠴᠢᠲᠠᠢ ᠪᠤᠶᠤ ᠬᠠᠳᠠᠭᠠᠯᠠᠬᠤ ᠬᠡᠪ ᠵᠠᠭᠪᠤᠷ ᠨᠢ ᠴᠠᠭ ᠠᠴᠠ ᠥᠩᠭᠡᠷᠡᠭᠰᠡᠨ᠂ ᠬᠠᠭᠤᠯᠪᠤᠷᠢ ᠳᠡᠪᠲᠡᠷ ᠤᠨ ᠬᠡᠮᠵᠢᠶ᠎ᠡ ᠨᠢ ᠬᠡᠳᠦ ᠠᠷᠪᠢᠨ᠂ ᠭᠦᠢᠯᠭᠡᠭᠡᠨ ᠤ ᠨᠤᠷᠮ᠎ᠠ ᠨᠢ ᠨᠡᠯᠢᠶᠡᠳ ᠳᠣᠣᠷ᠎ᠠ᠂ ᠠᠭᠤᠯᠭ᠎ᠠ ᠨᠢ ᠴᠠᠭ ᠠᠴᠠ ᠥᠩᠭᠡᠷᠡᠭᠰᠡᠨ᠂ ᠪᠦᠷᠢᠳᠬᠡᠯ ᠤᠨ ᠠᠯᠳᠠᠭᠳᠠᠯ ᠵᠢᠴᠢ ᠬᠡᠪ ᠤᠨ ᠪᠤᠰᠤ ᠬᠤᠬᠢᠷᠠᠯ ᠳᠤ ᠬᠤᠯᠪᠣᠭᠳᠠᠭᠰᠠᠨ᠂ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠪᠳᠡᠷᠡᠵᠦ ᠰᠦᠢᠳᠦᠭᠰᠡᠨ᠂ ᠤᠰᠠᠳᠴᠤ ᠭᠡᠭᠡᠭᠳᠡᠭᠰᠡᠨ᠂ ᠨᠣᠮ ᠤᠨ ᠰᠠᠩ ᠪᠠ ᠮᠦᠽᠧᠢ ᠶᠢᠨ ᠬᠠᠳᠠᠭᠠᠯᠠᠮᠵᠢ ᠶᠢ ᠬᠥᠭᠵᠢᠭᠦᠯᠬᠦ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠠᠴᠠ ᠪᠣᠯᠵᠤ ᠰᠢᠢᠳᠪᠦᠷᠢᠯᠡᠬᠦ ᠴᠢᠬᠤᠯᠠᠲᠠᠢ ᠪᠣᠯᠤᠭᠰᠠᠨ ᠵᠢᠴᠢ ᠪᠤᠰᠤᠳ ᠰᠢᠯᠲᠠᠭᠠᠨ ᠠᠴᠠ ᠪᠣᠯᠵᠤ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠪᠠᠭᠲᠠᠭᠠᠨ᠎ᠠ᠃ ᠤᠷᠳᠤ ᠬᠤᠭᠤᠴᠠᠭ᠎ᠠ ᠪᠠᠷ ᠬᠠᠳᠠᠭᠠᠯᠠᠬᠤ ᠴᠢᠬᠤᠯᠠᠲᠠᠢ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠦᠨᠡᠬᠡᠷ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠰᠢᠢᠳᠪᠦᠷᠢᠯᠡᠬᠦ ᠳᠤ ᠪᠠᠨ ᠲᠦᠷᠦᠯ ᠵᠦᠢᠯ ᠢ ᠨᠢ ᠦᠯᠡᠳᠡᠭᠡᠬᠦ᠂ ᠬᠠᠭᠤᠯᠪᠤᠷᠢ ᠳᠡᠪᠲᠡᠷ ᠢ ᠨᠢ ᠬᠠᠰᠤᠵᠤ ᠬᠠᠶᠠᠬᠤ ᠵᠠᠷᠴᠢᠮ ᠢ ᠵᠢᠷᠤᠮᠯᠠᠬᠤ ᠬᠡᠷᠡᠭᠲᠡᠢ᠃ ᠬᠠᠨᠳᠢᠪᠯᠡᠨ ᠬᠦᠷᠭᠡᠬᠦ ᠶᠢ ᠭᠥᠯᠢᠶᠡᠨ ᠠᠪᠬᠤ ᠪᠠᠷ ᠲᠠᠮᠵᠢᠨ ᠬᠠᠳᠠᠭᠠᠯᠠᠭᠰᠠᠨ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠳᠤ ᠪᠠᠨ ᠬᠠᠨᠳᠢᠪᠯᠡᠨ ᠬᠦᠷᠭᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠨᠳᠢᠪᠯᠡᠨ ᠬᠦᠷᠭᠡᠬᠦ ᠬᠡᠯᠡᠯᠴᠡᠭᠡᠷ ᠢ ᠵᠢᠷᠤᠮᠯᠠᠬᠤ ᠬᠡᠷᠡᠭᠲᠡᠢ᠃ ᠣᠯᠠᠨ ᠨᠡᠶᠢᠲᠡ ᠶᠢᠨ ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠤᠨ ᠮᠡᠳᠡᠭᠡ ᠵᠠᠩᠭᠢ ᠶᠢ ᠰᠢᠢᠳᠪᠦᠷᠢᠯᠡᠬᠦ ᠳᠤ ᠡᠳ᠋ ᠬᠥᠷᠥᠩᠭᠡ ᠶᠢ ᠦᠨᠡᠯᠡᠨ ᠵᠢᠱᠢᠬᠦ ᠳᠤ ᠬᠤᠯᠪᠣᠭᠳᠠᠪᠠᠯ᠂ ᠡᠳ᠋ ᠬᠥᠷᠥᠩᠭᠡ ᠶᠢ ᠦᠨᠡᠯᠡᠨ ᠵᠢᠱᠢᠬᠦ ᠬᠠᠮᠢᠶᠠᠷᠤᠯᠲᠠ ᠶᠢᠨ ᠲᠤᠬᠠᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃      ︽ᠠᠷᠭ᠎ᠠ︾ ᠳᠤ ᠲᠣᠭᠲᠠᠭᠠᠭᠰᠠᠨ ᠨᠢ᠂ ᠣᠯᠠᠨ ᠨᠡᠶᠢᠲᠡ ᠶᠢᠨ ᠨᠣᠮ ᠤᠨ ᠰᠠᠩ ᠨᠢ ᠲᠣᠰ ᠪᠡᠶ᠎ᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠨᠣᠮ ᠤᠨ ᠰᠠᠩ ᠭᠡᠷ ᠪᠠᠶᠢᠰᠢᠩ ᠤᠨ ᠨᠥᠬᠦᠴᠡᠯ᠂ ᠤᠩᠰᠢᠭᠴᠢᠳ ᠤᠨ ᠬᠡᠷᠡᠭᠴᠡᠭᠡ᠂ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠲᠥᠷᠥᠯ ᠬᠡᠯᠪᠡᠷᠢ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠪᠡᠯᠡᠭᠯᠡᠨ ᠬᠦᠷᠭᠡᠬᠦ᠂ ᠰᠣᠯᠢᠬᠤ᠂ ᠰᠢᠯᠵᠢᠭᠦᠯᠦᠨ ᠥᠭᠬᠦ᠂ ᠬᠤᠬᠢᠷᠠᠯ ᠢ ᠮᠡᠳᠡᠭᠦᠯᠬᠦ ᠪᠤᠶᠤ ᠬᠡᠷᠡᠭᠯᠡᠭᠡᠨ ᠠᠴᠠ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠬᠡᠷᠡᠭᠲᠡᠢ᠃ ᠡᠭᠦᠨ ᠳᠤ᠂ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠪᠡᠯᠡᠭᠯᠡᠨ ᠬᠦᠷᠭᠡᠬᠦ ᠪᠠ ᠰᠣᠯᠢᠬᠤ ᠵᠡᠷᠭᠡ ᠰᠢᠢᠳᠪᠦᠷᠢᠯᠡᠬᠦ ᠠᠷᠭ᠎ᠠ ᠮᠠᠶ᠋ᠢᠭ ᠢ ᠡᠩ ᠲᠡᠷᠢᠭᠦᠨ ᠳᠤ ᠰᠣᠩᠭᠤᠬᠤ ᠬᠡᠷᠡᠭᠲᠡᠢ᠃ ᠳᠤᠷᠠᠳᠤᠭᠤᠰᠢᠲᠠᠢ ᠵᠦᠢᠯ ᠭᠡᠪᠡᠯ᠂ ︽ᠠᠷᠭ᠎ᠠ︾ ᠳᠤ ᠪᠠᠰᠠ ᠳᠤᠷᠠᠳᠤᠭᠰᠠᠨ ᠨᠢ᠂ ᠣᠯᠠᠨ ᠨᠡᠶᠢᠲᠡ ᠶᠢᠨ ᠨᠣᠮ ᠤᠨ ᠰᠠᠩ ᠨᠢ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠪᠤᠶᠤ ᠬᠠᠨᠳᠢᠪᠯᠡᠨ ᠬᠦᠷᠭᠡᠬᠦ ᠠᠷᠭ᠎ᠠ ᠮᠠᠶ᠋ᠢᠭ ᠢᠶᠠᠷ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ  ᠮᠠᠲ᠋ᠧᠷᠢᠶᠠᠯ ᠢ ᠰᠢᠢᠳᠪᠦᠷᠢᠯᠡᠬᠦ ᠳᠤ ᠪᠠᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠪᠠ ᠬᠥᠭᠵᠢᠭᠡᠳᠦᠢ ᠭᠠᠵᠠᠷ ᠣᠷᠣᠨ ᠤ ᠨᠣᠮ ᠤᠨ ᠰᠠᠩ ᠢ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠪᠤᠶᠤ ᠬᠠᠨᠳᠢᠪᠯᠡᠨ ᠬᠦᠷᠭᠡᠬᠦ ᠡᠲᠡᠭᠡᠳ ᠢᠶᠠᠨ ᠪᠣᠯᠭᠠᠬᠤ ᠬᠡᠷᠡᠭᠲᠡᠢ᠃
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号