ᠰᠣᠶᠣᠯ ᠪᠠ ᠵᠢᠭᠤᠯᠴᠢᠯᠠᠯ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2022/10/16
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ︽ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ  ᠪᠤᠯᠪᠠᠰᠤᠷᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠰᠣᠶᠣᠯ ᠤᠷᠠᠯᠢᠭ ᠤᠨ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠠᠬᠢᠭᠤᠯᠬᠤ᠂ ᠤᠯᠠᠨ ᠲᠦᠮᠡᠨ ᠤ ᠰᠣᠶᠣᠯ ᠤᠷᠠᠯᠢᠭ ᠤᠨ ᠬᠡᠪ ᠴᠢᠨᠠᠷ ᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ ᠬᠡᠷᠡᠭᠲᠡᠢ᠂ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂  ᠲᠤᠨᠤᠭ ᠲᠥᠬᠦᠭᠡᠷᠦᠮᠵᠢ ᠲᠠᠯᠠᠪᠤᠷ ᠭᠠᠵᠠᠷ᠂ ᠪᠠᠷᠢᠮᠵᠢᠶ᠎ᠠ ᠵᠢᠷᠤᠮᠵᠢᠯ ᠵᠡᠷᠭᠡ ᠰᠣᠶᠣᠯ ᠤᠷᠠᠯᠢᠭ ᠤᠨ ᠡᠬᠢ ᠪᠠᠶᠠᠯᠢᠭ ᠤᠨ ᠨᠡᠶᠢᠭᠡᠮ ᠤᠨ ᠦᠷ᠎ᠡ ᠠᠰᠢᠭ ᠢ ᠨᠠᠩ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ ᠤ ᠰᠢᠯᠢᠳᠡᠭ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ  ᠪᠤᠯᠪᠠᠰᠤᠷᠠᠯ ᠤᠨ ᠡᠬᠢ ᠪᠠᠶᠠᠯᠢᠭ ᠪᠠ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ  ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃      ︽ᠮᠡᠳᠡᠭᠳᠡᠯ︾ ᠳᠤ᠂ ᠲᠤᠰ ᠭᠠᠵᠠᠷ ᠣᠷᠣᠨ ᠤ ︽ᠬᠤᠶᠠᠷ ᠢ ᠪᠠᠭᠠᠰᠬᠠᠬᠤ︾ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠪᠠ ᠰᠢᠢᠳᠪᠦᠷᠢᠲᠦ ᠪᠣᠳᠣᠯᠭ᠎ᠠ ᠶᠢᠨ ᠲᠣᠬᠢᠷᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ︽ᠬᠤᠶᠠᠷ ᠢ ᠪᠠᠭᠠᠰᠬᠠᠬᠤ︾ ᠰᠠᠯᠠᠭ᠎ᠠ ᠮᠥᠴᠢᠷ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠳᠤᠮᠳᠠᠬᠢ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠡᠭᠦᠷᠭᠡᠯᠡᠵᠦ ᠳᠡᠶᠢᠯᠬᠦ ᠪᠦᠬᠦᠨ ᠢ ᠡᠬᠦᠷᠭᠡᠯᠡᠵᠦ᠂ ︽ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠴᠢᠯᠠᠬᠤ ᠰᠠᠯᠠᠭ᠎ᠠ ᠮᠥᠴᠢᠷ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠬᠦᠷᠢᠶᠡᠨ  ᠳᠤ  ᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ  ᠬᠢᠬᠦ ᠬᠡᠷᠡᠭᠲᠡᠢ︔ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠰᠣᠷᠣᠭᠴᠢ ᠡᠯᠰᠡᠬᠦ ᠤᠬᠠᠭᠤᠯᠭ᠎ᠠ ᠶᠢ ᠴᠢᠩᠭ᠎ᠠ ᠵᠢᠷᠤᠮᠵᠢᠭᠤᠯᠵᠤ᠂ ᠶᠠᠮᠠᠷᠪᠠ ᠬᠡᠯᠪᠡᠷᠢ ᠶᠢᠨ ᠰᠣᠶᠣᠯ ᠤᠷᠠᠯᠢᠭ ᠤᠨ ᠬᠢᠷᠢ  ᠬᠡᠮᠵᠢᠶᠡᠨ ᠤ ᠰᠤᠷᠢᠯᠲᠠ᠂ ᠰᠢᠯᠭᠠᠯᠲᠠ ᠵᠡᠷᠭᠡ ᠪᠠᠷ ᠳᠠᠮᠵᠢᠭᠤᠯᠤᠨ ᠰᠣᠷᠣᠭᠴᠢ ᠡᠯᠰᠡᠬᠦ ᠶᠢᠨ ᠵᠢᠯᠣᠭᠤᠳᠤᠮᠵᠢ ᠪᠣᠯᠭᠠᠵᠤ ᠪᠣᠯᠬᠤ ᠦᠭᠡᠢ᠃ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠢᠶᠠᠷ ᠲᠤᠰ ᠭᠠᠵᠠᠷ ᠣᠷᠣᠨ ᠤ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠭᠠᠬᠤ ᠪᠠᠷ ᠲᠣᠳᠣᠷᠬᠠᠶᠢᠯᠠᠭᠰᠠᠨ ᠪᠠᠶᠢᠪᠠᠯ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠯᠦᠭᠡ ᠬᠠᠮᠢᠶ᠎ᠠ ᠪᠦᠬᠦᠢ ᠠᠵᠢᠯ ᠢᠶᠠᠨ ᠵᠤᠯᠭᠠᠭᠤᠯᠬᠤ ᠶᠢ ᠲᠦᠷᠬᠡᠨ ᠪᠡᠶᠡᠯᠡᠭᠦᠯᠵᠦ᠂ ᠠᠵᠢᠯ ᠤᠨ ᠵᠣᠬᠢᠶᠠᠨ ᠪᠠᠶᠢᠭᠤᠯᠤᠯᠲᠠ᠂ ᠪᠠᠲᠤᠯᠠᠭ᠎ᠠ ᠪᠠ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠲᠣᠰ ᠭᠠᠵᠠᠷ ᠣᠷᠣᠨ ᠤ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠣᠬᠢᠷᠠᠭᠤᠯᠬᠤ ᠪᠠᠷᠢᠮᠵᠢᠶ᠎ᠠ᠂ ᠬᠢᠨᠠᠨ ᠵᠥᠪᠰᠢᠶᠡᠷᠡᠬᠦ ᠨᠥᠬᠦᠴᠡᠯ ᠪᠠ ᠬᠠᠮᠢᠶᠠᠷᠤᠯᠲᠠ ᠶᠢᠨ ᠠᠷᠭ᠎ᠠ ᠶᠢ ᠱᠠᠯᠠᠪᠳᠠᠨ ᠰᠤᠳᠤᠯᠤᠨ ᠲᠣᠭᠲᠠᠭᠠᠬᠤ ᠶᠢᠨ ᠬᠠᠮᠲᠤ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ  ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠲᠣᠰ ᠭᠠᠵᠠᠷ ᠣᠷᠣᠨ ᠤ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ  ᠪᠤᠯᠪᠠᠰᠤᠷᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠭᠠᠬᠤ ᠪᠠᠷ ᠲᠣᠳᠣᠷᠬᠠᠶᠢᠯᠠᠭᠰᠠᠨ ᠪᠠᠶᠢᠪᠠᠯ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠢᠳᠡᠪᠬᠢᠲᠡᠢ ᠪᠠᠷ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ︽ᠮᠡᠳᠡᠭᠳᠡᠯ︾ ᠳᠤ᠂ ᠲᠤᠰ ᠭᠠᠵᠠᠷ ᠣᠷᠣᠨ ᠤ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠣᠶᠢᠯᠠᠭᠠᠯᠲᠠ ᠶᠢ ᠢᠳᠡᠪᠬᠢᠲᠡᠢ ᠥᠷᠨᠢᠭᠦᠯᠵᠦ᠂ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ᠂ ᠲᠠᠷᠬᠠᠯᠲᠠ᠂ ᠰᠢᠨᠵᠢ ᠴᠢᠨᠠᠷ᠂ ᠬᠡᠪᠴᠢᠶ᠎ᠡ᠂  ᠲᠤᠨᠤᠭ ᠲᠦᠬᠦᠭᠡᠷᠦᠮᠵᠢ ᠶᠢᠨ ᠨᠥᠬᠦᠴᠡᠯ᠂ ᠪᠠᠭᠰᠢ᠂ ᠵᠢᠭᠠᠬᠤ ᠮᠠᠲ᠋ᠧᠷᠢᠶᠠᠯ᠂ ᠪᠣᠯᠪᠠᠰᠤᠷᠠᠯ ᠤᠨ ᠠᠭᠤᠯᠭ᠎ᠠ᠂ ᠰᠦᠢᠳᠬᠡᠯ  ᠬᠤᠷᠢᠶᠠᠯᠲᠠ᠂  ᠦᠨᠡᠯᠡᠯᠲᠡ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠬᠤ᠂ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠦᠨᠳᠦᠰᠦᠨ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠣᠶᠣᠯ ᠤᠷᠠᠯᠢᠭ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠬᠤ ᠬᠡᠷᠡᠭᠲᠡᠢ︔ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠪᠠ ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤᠮᠳᠠᠬᠢ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠶᠢᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠵᠠᠯᠠᠭᠤᠴᠤᠳ ᠪᠠᠭᠠᠴᠤᠳ ᠤᠨ ᠤᠷᠠᠯᠢᠭ ᠤᠨ ᠪᠤᠶᠢᠵᠢᠯᠲᠠ ᠶᠢᠨ ᠵᠢᠮ᠎ᠡ ᠶᠣᠰᠣᠨ ᠤ ᠰᠤᠳᠤᠯᠭᠠᠨ ᠢ ᠴᠢᠩᠭᠠᠳᠬᠠᠵᠤ᠂ ᠠᠳᠠᠯᠢ ᠪᠤᠰᠤ ᠰᠣᠶᠣᠯ ᠤᠷᠠᠯᠢᠭ ᠤᠨ ᠲᠦᠷᠦᠯ ᠳᠤ ᠬᠤᠯᠪᠣᠭᠳᠠᠭᠰᠠᠨ ᠪᠣᠯᠪᠠᠰᠤᠷᠠᠯ ᠤᠨ ᠲᠠᠯᠠᠪᠤᠷ ᠤᠨ ᠦᠨᠳᠦᠰᠦᠨ ᠲᠤᠨᠤᠭ ᠲᠦᠬᠦᠭᠡᠷᠦᠮᠵᠢ ᠶᠢᠨ ᠨᠥᠬᠦᠴᠡᠯ᠂ ᠪᠣᠯᠪᠠᠰᠤᠷᠠᠯ ᠤᠨ ᠪᠠᠭᠰᠢ ᠶᠢᠨ ᠨᠥᠬᠦᠴᠡᠯ᠂ ᠠᠮᠤᠷ ᠲᠦᠪᠰᠢᠨ ᠤ ᠪᠠᠲᠤᠯᠠᠪᠤᠷᠢ ᠶᠢᠨ ᠠᠷᠭ᠎ᠠ ᠬᠡᠮᠵᠢᠶ᠎ᠡ᠂ ᠬᠢᠴᠢᠶᠡᠯ ᠤᠨ ᠠᠭᠤᠯᠭ᠎ᠠ ᠶᠢᠨ ᠲᠣᠬᠢᠷᠠᠭᠤᠯᠤᠯᠲᠠ ᠵᠡᠷᠭᠡ ᠲᠠᠯ᠎ᠠ ᠪᠠᠷ ᠲᠤᠰᠬᠠᠢ ᠮᠡᠷᠭᠡᠵᠢᠯᠲᠡᠨ ᠤ ᠨᠤᠲᠠᠯᠠᠯᠲᠠ ᠪᠠ ᠲᠤᠰᠬᠠᠢ ᠮᠡᠷᠭᠡᠵᠢᠯ ᠤᠨ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠢ  ︔ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠳᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠠᠵᠢᠯ   ᠢ ᠭᠦᠢᠴᠡᠳᠬᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠳᠤᠷᠠᠳᠪᠠ  ᠃ ︵ᠰᠤᠶᠤᠯ ᠵᠢᠭᠤᠯᠴᠢᠯᠠᠯ︶
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号