ᠴᠢᠨ ᠶᠠᠨ᠄ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/11/12
     ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡᠨ ᠤᠳᠠᠭ᠎ᠠ ᠶᠢᠨ ᠲᠤᠭ ᠲᠡᠮᠳᠡᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠮᠥᠨ᠂ ᠲᠡᠷᠡ  ᠨᠢ ᠨᠠᠮ ᠪᠠ ᠤᠯᠤᠰ ᠣᠷᠣᠨ ᠤ ᠬᠥᠭᠵᠢᠯᠲᠡ ᠶᠢᠨ ᠠᠬᠢᠴᠠ ᠳᠤ ᠲᠤᠶᠢᠯ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠵᠣᠭᠰᠣᠴᠠ ᠥᠨᠳᠥᠷ᠂ ᠦᠵᠡᠯ ᠰᠠᠨᠠᠭ᠎ᠠ ᠭᠦᠨᠵᠡᠭᠡᠢ ᠳᠠᠯᠳᠠ᠂ ᠠᠭᠤᠯᠭ᠎ᠠ ᠭᠦᠨ ᠨᠠᠷᠢᠨ ᠪᠠᠶᠢᠵᠤ᠂ ᠤᠯᠤᠰ ᠲᠦᠷᠦ ᠶᠢᠨ ᠲᠠᠯ᠎ᠠ ᠪᠠᠷ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠤᠨᠤᠯ ᠤᠨ ᠲᠠᠯ᠎ᠠ ᠪᠠᠷ ᠭᠦᠨᠵᠡᠭᠡᠢ ᠪᠣᠳᠣᠯᠬᠢᠯᠠᠭᠰᠠᠨ ᠢᠶᠠᠷ ᠪᠠᠷᠠᠬᠤ ᠦᠭᠡᠢ᠂ ᠬᠠᠷᠠᠯᠲᠠ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠪᠠ ᠠᠵᠢᠯ ᠤᠨ ᠲᠠᠯ᠎ᠠ ᠪᠠᠷ ᠬᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠶᠤᠮ᠃ ᠢᠯᠠᠩᠭᠤᠶ᠎ᠠ ᠨᠠᠢᠮᠠᠳᠤᠭᠠᠷ ᠪᠦᠯᠦᠭ ᠲᠤ᠂ ᠲᠤᠰᠬᠠᠢ ᠰᠡᠳᠦᠪ ᠢᠶᠠᠷ ᠰᠣᠶᠣᠯ ᠤᠨ ᠪᠠᠶᠢᠭᠤᠯᠤᠯᠲᠠ ᠳᠤ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠬᠢᠵᠦ᠂ ᠰᠣᠶᠣᠯ ᠪᠠ ᠰᠣᠶᠣᠯ ᠤᠨ ᠪᠠᠶᠢᠭᠤᠯᠤᠯᠲᠠ ᠶᠢᠨ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠰᠣᠶᠣᠯ ᠤᠨ ᠬᠡᠨ ᠤ ᠲᠥᠯᠥᠭᠡ ᠬᠥᠭᠵᠢᠨ ᠮᠠᠨᠳᠤᠬᠤ᠂ ᠬᠡᠷᠬᠢᠨ ᠬᠥᠭᠵᠢᠨ ᠮᠠᠨᠳᠤᠬᠤ ᠡᠨᠡ ᠬᠦ ᠦᠨᠳᠦᠰᠦᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠰᠣᠶᠣᠯ ᠳᠤ ᠬᠠᠨᠳᠤᠬᠤ ᠣᠪᠣᠷ ᠵᠣᠭᠰᠣᠯᠲᠠ᠂ ᠰᠣᠶᠣᠯ ᠢ ᠬᠥᠭᠵᠢᠭᠦᠯᠬᠦ ᠰᠡᠳᠬᠢᠴᠡ ᠠᠷᠭ᠎ᠠ ᠬᠡᠮᠵᠢᠶ᠎ᠡ᠂ ᠰᠣᠶᠣᠯ ᠤᠨ ᠪᠠᠶᠢᠭᠤᠯᠤᠯᠲᠠ ᠶᠢᠨ ᠴᠢᠭᠯᠡᠯ ᠬᠠᠷᠠᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ︾ ᠰᠢᠨ᠎ᠡ ᠰᠣᠶᠣᠯ ᠪᠠ ᠵᠢᠭᠤᠯᠴᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠪᠢᠳᠡᠨ ᠤ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠳᠤ ᠵᠢᠯᠤᠭᠤᠳᠬᠤ ᠴᠢᠭᠯᠡᠯᠲᠡ ᠶᠢ ᠲᠣᠳᠣᠷᠬᠠᠶᠢᠯᠠᠵᠤ᠂ ᠦᠨᠳᠦᠰᠦᠨ ᠵᠢᠷᠤᠮᠯᠠᠯ ᠬᠠᠩᠭᠠᠵᠠᠢ᠃      ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ᠂ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠦ ᠵᠡᠷᠭᠡ ᠠᠷᠭ᠎ᠠ ᠬᠡᠯᠪᠡᠷᠢ ᠪᠠᠷ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠺᠠᠳ᠋ᠷ ᠢ ᠡᠭᠡᠯᠵᠢᠯᠡᠨ ᠪᠣᠯᠪᠠᠰᠤᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠶᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ   ᠢ ᠢᠮᠠᠭᠲᠠ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠭᠦᠷᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠤᠨ ᠰᠢᠨ᠎ᠡ ᠰᠢᠪᠲᠤᠯᠤᠯᠲᠠ   ᠶᠢ ᠪᠡᠶᠡᠯᠡᠭᠦᠯᠵᠦ᠂ ᠰᠢᠨ᠎ᠡ ᠪᠠᠶᠢᠳᠠᠯ   ᠢ ᠪᠤᠶ ᠪᠣᠯᠭᠠᠬᠤ   ᠶᠢ ᠠᠬᠢᠭᠤᠯᠤᠨ᠎ᠠ᠃      ᠨᠢᠭᠡ ᠳᠤ᠂ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠴᠡᠴᠡᠭᠯᠡᠭᠦᠯᠦᠨ᠎ᠡ᠃      ᠬᠤᠶᠠᠷ ᠲᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠭᠤᠷᠪᠠ ᠳᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠦᠨ᠎ᠡ᠃      ᠳᠥᠷᠪᠡ ᠳᠤ᠂ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ᠃      ᠲᠠᠪᠤ ᠳᠤ᠂ ᠴᠢᠬᠤᠯᠠ ᠶᠡᠭᠡ ᠠᠵᠤ ᠦᠢᠯᠡᠰ ᠤᠨ ᠵᠦᠢᠯᠡᠰ ᠢ ᠲᠥᠯᠥᠪᠵᠢᠭᠦᠯᠦᠨ ᠬᠡᠷᠡᠭᠵᠢᠭᠦᠯᠦᠨ᠎ᠡ᠃      ᠵᠢᠷᠭᠤᠭ᠎ᠠ ᠳᠤ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠢᠳᠡᠪᠬᠢᠲᠡᠢ ᠪᠠᠷ ᠪᠣᠶ ᠪᠣᠯᠭᠠᠨ᠎ᠠ᠃      ︵ᠵᠣᠬᠢᠶᠠᠭᠴᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号