2023 ᠣᠨ ᠤ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠴᠠᠭᠠᠨ ᠰᠠᠷ᠎ᠠ ᠶᠢᠨ ᠦᠳᠡᠰᠢᠯᠡᠭᠡ ᠶᠢᠨ ᠰᠣᠶᠣᠯ ᠵᠢᠭᠤᠯᠴᠢᠯᠠᠯ ᠤᠨ ᠲᠤᠰᠬᠠᠢ ᠰᠡᠳᠦᠪᠲᠦ ᠤᠬᠠᠭᠤᠯᠭ᠎ᠠ ᠶᠢᠨ ᠲᠥᠷᠥᠯ ᠵᠦᠢᠯ ᠤᠨ ᠭᠠᠭᠴᠠ ᠢᠷᠡᠯᠲᠡ ᠲᠠᠢ ᠬᠤᠳᠠᠯᠳᠤᠨ ᠠᠪᠬᠤ ᠶᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/12/12
     2023 ᠣᠨ ᠤ ᠰᠣᠶᠣᠯ ᠵᠢᠭᠤᠯᠴᠢᠯᠠᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠪᠠᠶᠢᠳᠠᠯ ᠡᠭᠦᠳᠬᠦ ᠶᠢ ᠠᠬᠢᠭᠤᠯᠬᠤ ᠶᠢᠨ ᠲᠥᠯᠥᠭᠡ᠂ ᠮᠠᠨ ᠤ ᠲᠢᠩᠬᠢᠮ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠴᠠᠭᠠᠨ ᠰᠠᠷ᠎ᠠ ᠶᠢᠨ ᠦᠳᠡᠰᠢᠯᠡᠭᠡ ᠶᠢᠨ ᠲᠠᠪᠴᠠᠩ ᠳᠤ ᠰᠣᠶᠣᠯ ᠪᠠ ᠵᠢᠭᠤᠯᠴᠢᠯᠠᠯ ᠤᠨ ᠡᠯᠧᠮᠧᠨ᠋ᠲ ᠢ ᠠᠭᠤᠰᠤᠯᠴᠠᠭᠤᠯᠵᠤ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠤᠬᠠᠭᠤᠯᠭ᠎ᠠ ᠶᠢ ᠦᠷᠨᠢᠭᠦᠯᠦᠨ᠂ ᠴᠠᠭᠠᠨ ᠰᠠᠷ᠎ᠠ ᠶᠢᠨ ᠪᠠᠶᠠᠷ ᠢ ᠪᠡᠯᠭᠡᠯᠡᠬᠦ ᠨᠡᠪᠲᠡᠷᠡᠭᠦᠯᠭᠡ᠂ ᠬᠦᠲᠦᠯᠦᠭᠴᠢ ᠶᠢᠨ ᠶᠠᠷᠢᠶᠠᠨ ᠤ ᠬᠡᠯᠡ ᠨᠡᠪᠲᠡᠷᠡᠭᠦᠯᠭᠡ ᠶᠢᠨ ᠲᠠᠨᠢᠯᠴᠠᠭᠤᠯᠭ᠎ᠠ᠂ ᠬᠡᠮ ᠵᠣᠬᠢᠴᠠᠭᠤᠯᠵᠤ ᠦᠢᠯᠡᠳᠬᠦ᠂ ᠷᠠᠰᠢᠶᠠᠨ ᠳᠤ ᠴᠠᠭᠠᠨ ᠰᠠᠷ᠎ᠠ ᠶᠢᠨ ᠦᠳᠡᠰᠢᠯᠡᠭᠡ ᠶᠢᠨ ᠬᠤᠪᠢᠶᠠᠷᠢ ᠲᠠᠯᠠᠪᠠᠢ ᠭᠠᠷᠭᠠᠬᠤ᠂ ᠴᠠᠭᠠᠨ ᠰᠠᠷ᠎ᠠ ᠶᠢᠨ ᠦᠳᠡᠰᠢᠯᠡᠭᠡ ᠶᠢᠨ ᠲᠦᠷᠪᠡᠨ ᠥᠩᠭᠡ ᠶᠢᠨ ᠲᠣᠮᠣ ᠪᠡᠯᠡᠭ ᠵᠡᠷᠭᠡ ᠵᠥᠭᠡᠯᠡᠨ ᠢᠶᠠᠷ ᠰᠠᠭᠤᠯᠭᠠᠬᠤ ᠬᠡᠯᠪᠡᠷᠢ ᠶᠢ ᠵᠣᠬᠢᠴᠠᠭᠤᠯᠵᠤ᠂ ᠴᠠᠭᠠᠨ ᠰᠠᠷ᠎ᠠ ᠶᠢᠨ ᠦᠳᠡᠰᠢᠯᠡᠭᠡ ᠶᠢᠨ ᠲᠠᠪᠴᠠᠩ  ᠢ ᠠᠰᠢᠭᠯᠠᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢ ᠴᠢᠩᠭᠠᠳᠬᠠᠬᠤ ᠪᠠᠷ ᠲᠥᠯᠥᠪᠯᠡᠵᠦ ᠪᠤᠢ᠃ ᠪᠣᠳᠠᠲᠠᠢ ᠪᠠᠶᠢᠳᠠᠯ ᠨᠢ ᠳᠣᠣᠷᠠᠬᠢ ᠮᠡᠲᠦ᠄      ᠲᠥᠷᠥᠯ ᠵᠦᠢᠯ ᠤᠨ ᠨᠡᠷᠡᠶᠢᠳᠦᠯ᠄ 2023 ᠣᠨ ᠤ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠴᠠᠭᠠᠨ ᠰᠠᠷ᠎ᠠ ᠶᠢᠨ ᠦᠳᠡᠰᠢᠯᠡᠭᠡ ᠶᠢᠨ ᠰᠣᠶᠣᠯ ᠵᠢᠭᠤᠯᠴᠢᠯᠠᠯ ᠤᠨ ᠲᠤᠰᠬᠠᠢ ᠰᠡᠳᠦᠪᠲᠦ ᠤᠬᠠᠭᠤᠯᠭ᠎ᠠ      ᠬᠤᠳᠠᠯᠳᠤᠨ ᠠᠪᠬᠤ ᠠᠷᠭ᠎ᠠ ᠮᠠᠶ᠋ᠢᠭ᠄ ᠭᠠᠭᠴᠠ ᠢᠷᠡᠯᠲᠡ ᠲᠠᠢ      ᠲᠥᠰᠥᠪ ᠤᠨ ᠮᠦᠩᠭᠦᠨ ᠤ ᠲᠤᠭ᠎ᠠ᠄ 200 ᠲᠦᠮᠡᠨ ᠲᠥᠭᠦᠷᠢᠭ      ᠬᠠᠩᠭᠠᠭᠴᠢ ᠬᠤᠳᠠᠯᠳᠤᠭᠠᠴᠢᠨ ᠤ ᠨᠡᠷᠡᠶᠢᠳᠦᠯ᠄ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号