ᠰᠢᠯᠢ ᠶᠢᠨ ᠭᠤᠣᠯ᠄ ︽ᠵᠢᠭᠤᠯᠴᠢᠯᠠᠯ + ᠤᠯᠠᠮᠵᠢᠯᠠᠯᠲᠤ ᠴᠠᠭᠠᠨ ᠢᠳᠡᠭᠡ︾ ᠰᠢᠨ᠎ᠡ ᠬᠦᠭᠵᠢᠯᠲᠡ ᠪᠠᠨ ᠣᠯᠪᠠ
ᠨᠡᠶᠢᠲᠡᠯᠡᠭᠰᠡᠨ ᠴᠠᠭ᠄
2022/12/16
     ︽ᠰᠢᠯᠢ ᠶᠢᠨ ᠭᠤᠣᠯ ᠤᠨ ᠪᠢᠰᠢᠯᠠᠭ︾ ᠪᠣᠯ ᠰᠢᠯᠢ ᠶᠢᠨ ᠭᠤᠣᠯ ᠠᠶᠢᠮᠠᠭ ᠤᠨ ᠪᠥᠬᠦ ᠬᠦᠴᠦᠨ ᠢᠶᠠᠷ ᠢᠶᠠᠨ ᠡᠭᠦᠳᠦᠭᠰᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠣᠯᠣᠨ᠎ᠠ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠢᠯᠢ ᠶᠢᠨ ᠭᠤᠣᠯ ᠤᠨ ᠪᠢᠰᠢᠯᠠᠭ ᠤᠨ ᠨᠠᠷᠠᠲᠤ ᠲᠡᠮᠳᠡᠭ ᠤᠨ ᠳᠠᠪᠠᠭᠤᠯᠢᠭ ᠢ ᠠᠰᠢᠭᠯᠠᠨ᠂ ᠠᠶᠢᠮᠠᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ︽ᠵᠢᠭᠤᠯᠴᠢᠯᠠᠯ + ᠤᠯᠠᠮᠵᠢᠯᠠᠯᠲᠤ ᠴᠠᠭᠠᠨ ᠢᠳᠡᠭᠡ︾ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠢᠭᠤᠯᠴᠢᠯᠠᠯ ᠤᠨ ᠡᠵᠡᠩᠨᠡᠯᠲᠡ ᠶᠢᠨ ᠰᠢᠨ᠎ᠡ ᠬᠡᠯᠪᠡᠷᠢ ᠪᠠᠶᠢᠳᠠᠯ ᠢ ᠪᠣᠶᠢᠵᠢᠭᠤᠯᠤᠨ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠦᠷᠢᠶ᠎ᠡ ᠴᠠᠷᠠᠭ᠎ᠠ ᠶᠢ ᠨᠡᠭᠡᠭᠡᠨ ᠥᠭᠴᠦ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠲᠤ ᠴᠦ ᠰᠢᠨ᠎ᠡ ᠬᠥᠭᠵᠢᠯᠲᠡ ᠶᠢᠨ ᠰᠡᠳᠬᠢᠮᠵᠢ ᠬᠠᠩᠭᠠᠭᠰᠠᠨ ᠪᠠᠶᠢᠨ᠎ᠠ᠃      ᠰᠢᠯᠢᠩᠬᠤᠲᠠ ᠶᠢᠨ ᠱᠸᠦ ᠹᠠᠩ · ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠰᠢᠯᠢ ᠶᠢᠨ ᠭᠤᠣᠯ ᠤᠨ ᠪᠢᠰᠢᠯᠠᠭ ᠢᠶᠠᠷ ᠲᠦᠰᠢᠭ ᠪᠣᠯᠭᠠᠵᠤ᠂ ︽ᠨᠢᠭᠡ ᠬᠤᠩᠭᠢᠯ ᠨᠢᠭᠡ ᠣᠷᠳᠣᠨ ᠬᠤᠶᠠᠷ ᠲᠥᠪ᠂ ᠲᠠᠪᠤᠨ ᠲᠣᠭᠤᠷᠢᠭ ᠭᠤᠷᠪᠠᠨ ᠪᠦᠰᠡ ᠬᠤᠶᠠᠷ ᠰᠠᠨᠠᠭ᠎ᠠ ᠠᠮᠤᠷ︾ ᠪᠠᠶᠢᠬᠤ ᠨᠠᠷᠢᠨ ᠨᠢᠮᠪᠠᠢ ᠪᠠᠶᠢᠷᠢᠯᠠᠭᠤᠯᠤᠯᠲᠠ ᠶᠣᠰᠣᠭᠠᠷ᠂ ᠰᠦ ᠶᠢᠨ ᠢᠷᠡᠯᠲᠡ ᠶᠢ ᠮᠥᠷᠳᠡᠬᠦ᠂ ᠲᠦᠭᠦᠬᠡᠢ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ᠂ ᠵᠢᠷᠤᠮᠵᠢᠭᠤᠯᠤᠨ ᠪᠣᠯᠪᠠᠰᠤᠷᠠᠭᠤᠯᠬᠤ᠂ ᠬᠡᠷᠡᠭᠯᠡᠭᠴᠢᠳ ᠢ ᠤᠶᠢᠯᠠᠭᠠᠭᠤᠯᠬᠤ᠂ ᠵᠠᠬ᠎ᠠ ᠳᠡᠯᠭᠡᠭᠦᠷ ᠲᠤ ᠪᠣᠷᠣᠯᠠᠭᠤᠯᠬᠤ᠂ ᠬᠦᠢᠲᠡᠨ ᠬᠡᠯᠬᠢᠶ᠎ᠡ ᠪᠠᠷ ᠬᠦᠮᠦᠰ ᠤᠨ ᠬᠤᠭᠤᠯᠠᠨ ᠰᠢᠷᠡᠭᠡᠨ ᠳᠤ ᠬᠦᠷᠭᠡᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠪᠠᠶᠢᠷᠢᠰᠢᠯ ᠵᠦᠢ ᠵᠣᠬᠢᠰᠲᠠᠢ᠂ ᠦᠵᠡᠭᠦᠯᠭᠡ ᠶᠢᠨ ᠲᠣᠭᠤᠷᠢᠭ ᠤᠨ ᠭᠤᠣᠯ ᠴᠣᠭᠴᠠ ᠢᠯᠡ ᠲᠣᠳᠣ᠂ ᠪᠠᠭᠲᠠᠭᠠᠮᠵᠢ ᠶᠢᠨ ᠳᠠᠪᠠᠭᠤᠯᠢᠭ ᠢᠶᠠᠷ ᠢᠯᠡᠷᠬᠡᠢ ᠪᠠᠶᠢᠬᠤ ᠵᠡᠷᠭᠡ ᠳᠤ ᠲᠦᠰᠢᠭᠯᠡᠨ᠂ ᠰᠢᠯᠢᠩᠬᠤᠲᠠ 2021 ᠣᠨ ᠳᠤ ᠳᠠᠬᠢᠨᠲᠠ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠵᠦ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂  ᠵᠢᠭᠤᠯᠴᠢᠯᠠᠯ ᠤᠨ ᠬᠥᠲᠥᠯᠥᠮᠵᠢ ᠲᠡᠮᠳᠡᠭ᠂ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ᠂ ᠲᠣᠭᠤᠷᠢᠨ ᠦᠵᠡᠵᠦ ᠳᠡᠯᠭᠡᠨ ᠦᠵᠡᠭᠦᠯᠬᠦ ᠵᠠᠮ ᠵᠡᠷᠭᠡ ᠵᠢᠭᠤᠯᠴᠢᠯᠠᠯ ᠤᠨ ᠦᠨᠳᠦᠰᠦᠨ ᠡᠯᠧᠮᠧᠨ᠋ᠲ ᠢ ᠨᠡᠮᠡᠵᠦ᠂ 2022 ᠣᠨ ᠳᠤ ᠤᠯᠤᠰ ᠤᠨ 3A ᠳᠡᠰ ᠤᠨ  ᠵᠢᠭᠤᠯᠴᠢᠯᠠᠯ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠶᠢᠭᠤᠯᠵᠤ᠂ ︽ᠰᠢᠯᠢ ᠶᠢᠨ ᠭᠤᠣᠯ ᠤᠨ ᠪᠢᠰᠢᠯᠠᠭ︾ ᠢ ᠡᠳ᠋ᠰᠢᠭᠦᠯᠬᠦ᠂ ᠦᠢᠯᠡᠳᠬᠦ᠂ ᠳᠡᠯᠭᠡᠨ ᠦᠵᠡᠭᠦᠯᠬᠦ᠂ ᠬᠤᠳᠠᠯᠳᠤᠬᠤ ᠪᠠ ᠰᠣᠶᠣᠯ ᠢ ᠤᠯᠠᠮᠵᠢᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠪᠠ᠃      ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠪᠣᠯᠣᠨ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠠᠭᠠᠨ ᠢᠳᠡᠭᠡᠨ ᠤ ᠬᠡᠷᠡᠭᠯᠡᠭᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠬᠤ ᠶᠢᠨ ᠲᠦᠯᠦᠭᠡ ᠰᠢᠯᠢ ᠶᠢᠨ ᠭᠤᠣᠯ ᠠᠶᠢᠮᠠᠭ ᠤᠨ ᠰᠦ ᠶᠢᠨ ᠦᠢᠯᠡᠰ ᠤᠨ ᠨᠡᠶᠢᠭᠡᠮᠯᠢᠭ ᠠᠴᠠ ᠤᠯᠠᠭᠠᠢ ᠬᠠᠮᠢᠶᠠᠷᠤᠯᠲᠠ ᠶᠢᠨ ᠣᠷᠣᠨ ᠢᠶᠠᠷ ᠲᠤᠷᠰᠢᠯᠲᠠ ᠶᠢᠨ ᠴᠡᠭ ᠪᠣᠯᠭᠠᠵᠤ᠂ ᠪᠦᠯᠢᠶᠡᠨ ᠪᠤᠯᠠᠭ ᠤᠨ ᠦᠵᠡᠮᠵᠢ ᠶᠢᠨ ᠣᠷᠣᠨ᠂ ᠪᠢᠩᠲ᠋ᠤᠸᠠᠨ ᠤ ᠵᠢᠵᠢᠭ ᠪᠠᠯᠭᠠᠰᠤ᠂ ᠰᠡᠬᠡᠭᠡᠲᠡᠨ ᠵᠠᠯᠠᠭᠤᠴᠤᠳ ᠤᠨ ᠵᠢᠵᠢᠭ ᠪᠠᠯᠭᠠᠰᠤᠨ ᠳᠤ ︽ᠰᠢᠯᠢ ᠶᠢᠨ ᠭᠤᠣᠯ ᠤᠨ ᠪᠢᠰᠢᠯᠠᠭ︾ ᠤᠨ ᠨᠠᠷᠠᠲᠤ ᠲᠦᠷᠦᠯ ᠲᠡᠮᠳᠡᠭᠲᠦ ᠶᠢᠨ ᠲᠤᠰᠬᠠᠢ ᠯᠠᠩᠭᠦᠢ ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ ᠠᠰᠢᠭᠯᠠᠯᠲᠠ ᠳᠤ ᠣᠷᠣᠭᠤᠯᠤᠨ᠂ ᠦᠵᠡᠮᠵᠢ ᠶᠢᠨ ᠣᠷᠣᠨ ᠤ ᠬᠡᠷᠡᠭᠯᠡᠭᠡ ᠶᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ ᠡᠭᠦᠨ ᠤ ᠬᠠᠮᠲᠤ᠂ ᠴᠢᠨ᠋ᠸ᠎ᠠ ᠶᠢᠨ ᠬᠥᠨᠳᠡᠢ ᠦᠵᠡᠮᠵᠢ ᠶᠢᠨ ᠣᠷᠣᠨ ᠤ  ᠵᠢᠭᠤᠯᠴᠢᠯᠠᠭᠴᠢᠳ ᠤᠨ ᠲᠥᠪ ᠤᠨ ︽ᠰᠢᠯᠢ ᠶᠢᠨ ᠭᠤᠣᠯ ᠤᠨ ᠪᠢᠰᠢᠯᠠᠭ︾ ᠤᠨ ᠲᠤᠰᠬᠠᠢ ᠯᠠᠩᠭᠦᠢ ᠶᠢ ᠪᠠᠶᠢᠭᠤᠯᠬᠤ ᠠᠵᠢᠯ ᠢ ᠡᠬᠢᠯᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠳᠡᠯᠭᠡᠭᠦᠷ ᠢᠶᠠᠨ ᠵᠠᠰᠠᠵᠤ ᠴᠢᠮᠡᠭᠯᠡᠬᠦ ᠠᠵᠢᠯ ᠢ ᠳᠠᠭᠤᠰᠬᠠᠬᠤ ᠪᠠᠷ ᠪᠠᠶᠢᠨ᠎ᠠ᠃ ︽ᠵᠢᠭᠤᠯᠴᠢᠯᠠᠯ + ᠤᠯᠠᠮᠵᠢᠯᠠᠯᠲᠤ ᠴᠠᠭᠠᠨ ᠢᠳᠡᠭᠡ︾ ᠭᠡᠬᠦ ᠡᠨᠡ ᠬᠦ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠨᠢ ᠣᠷᠣᠨ ᠨᠤᠲᠤᠭ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠯᠭ᠎ᠠ ᠶᠢ ᠨᠡᠮᠡᠭᠳᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号