ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠰᠦᠯᠵᠢᠶᠡᠨ ᠤ ᠪᠠᠭᠠᠷ ᠵᠡᠷᠭᠡ  ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠᠶᠢᠭᠤᠯᠬᠤ ᠪᠠᠷᠢᠮᠵᠢᠶ᠎ᠠ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/22
     12 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠤᠭ᠎ᠠ ᠴᠡᠩᠭᠡᠯ ᠤᠨ ᠲᠠᠯᠠᠪᠤᠷ ᠭᠠᠵᠠᠷ  ᠪᠠ ᠰᠦᠯᠵᠢᠶᠡᠨ ᠤ ᠪᠠᠭᠠᠷ ᠵᠡᠷᠭᠡ  ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠᠶᠢᠭᠤᠯᠬᠤ ᠪᠠᠷᠢᠮᠵᠢᠶ᠎ᠠ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠱᠢ ᠹᠧᠩ ᠬᠤᠷᠠᠯ ᠡᠷᠭᠢᠯᠡᠪᠡ᠃      ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠥᠯᠥᠭᠡᠯᠡᠭᠴᠢ᠂ ᠲᠠᠷᠠᠭᠠᠴᠢ ᠶᠢᠨ ᠨᠢᠭᠡ ᠦᠶ᠎ᠡ ᠶᠢ ᠬᠠᠯᠠᠮᠵᠢᠯᠠᠨ ᠬᠠᠶᠢᠷᠠᠯᠠᠬᠤ ᠠᠵᠢᠯ ᠤᠨ ᠵᠥᠪᠯᠡᠯ ᠵᠡᠷᠭᠡ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠲᠥᠯᠥᠭᠡᠯᠡᠭᠴᠢ᠂ ᠵᠤᠭ᠎ᠠ ᠴᠡᠩᠭᠡᠯ ᠤᠨ ᠲᠠᠯᠠᠪᠤᠷ᠂ ᠰᠦᠯᠵᠢᠶᠡᠨ ᠤ ᠪᠠᠭᠠᠷ ᠵᠡᠷᠭᠡ  ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠡᠵᠡᠩᠨᠡᠯᠲᠡ ᠶᠢᠨ ᠲᠥᠯᠥᠭᠡᠯᠡᠭᠴᠢ ᠪᠠ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠪᠠ᠃      ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠱᠠᠭᠠᠷᠳᠠᠯᠭ᠎ᠠ ᠶᠣᠰᠣᠭᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠦᠯᠵᠢᠶᠡᠨ ᠤ ᠪᠠᠭᠠᠷ ᠵᠡᠷᠭᠡ ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠭᠤᠯᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠪᠣᠯ ᠣᠳᠣᠬᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ  ᠴᠢᠬᠤᠯᠠ ᠡᠭᠦᠷᠭᠡ ᠪᠣᠯᠣᠨ᠎ᠠ᠃ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ ᠠᠵᠢᠯᠲᠠᠳ ︽ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠰᠦᠯᠵᠢᠶᠡᠨ ᠤ ᠪᠠᠭᠠᠷ ᠵᠡᠷᠭᠡ ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠭᠲᠠᠭᠠᠯ︾ ︵ᠰᠠᠨᠠᠯ ᠬᠤᠷᠢᠶᠠᠬᠤ ᠨᠣᠣᠷᠠᠭ︶ ᠳᠤ ᠨᠠᠷᠢᠨ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠳ ᠠᠭᠤᠯᠭ᠎ᠠ ᠶᠢ ᠥᠷᠭᠡᠨ ᠢᠶᠠᠷ ᠶᠠᠷᠢᠯᠴᠠᠪᠠ᠃      ᠲᠣᠰ ᠤᠳᠠᠭᠠᠨ ᠤ ᠶᠠᠷᠢᠯᠴᠠᠬᠤ ᠬᠤᠷᠠᠯ ᠤᠨ ᠵᠣᠷᠢᠯᠭ᠎ᠠ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠰᠠᠨᠠᠯ ᠢ ᠣᠨᠣᠪᠴᠢᠲᠠᠶ ᠡᠵᠡᠮᠰᠢᠵᠦ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠰᠦᠯᠵᠢᠶᠡᠨ ᠤ ᠪᠠᠭᠠᠷ ᠵᠡᠷᠭᠡ  ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ ᠶᠤᠮ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号