ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2022 ᠣᠨ ᠤ 42 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/12/25
     12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 2022 ᠣᠨ ᠤ 42 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ  ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠲᠠᠢ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠭᠤᠣᠯᠳᠠᠯᠭ᠎ᠠ  ᠲᠠᠢ ᠡᠭᠦᠷᠭᠡ ᠶᠢ ᠪᠠᠲᠤ ᠡᠵᠡᠮᠰᠢᠵᠦ᠂ ᠥᠪᠥᠷ ᠮᠣᠩᠭᠤᠯ ᠢ ᠰᠣᠶᠣᠯ ᠪᠠ ᠵᠢᠭᠤᠯᠴᠢᠯᠠᠯ ᠤᠨ ᠬᠦᠴᠦᠷᠬᠡᠭ ᠣᠷᠣᠨ ᠪᠣᠯᠭᠠᠨ ᠪᠦᠲᠦᠭᠡᠨ ᠪᠠᠶᠢᠭᠤᠯᠬᠤ᠂ ᠬᠠᠮᠤᠭ ᠤᠨ ᠲᠠᠲᠠᠬᠤ ᠬᠦᠴᠦᠨ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠣᠶᠣᠯ ᠪᠠ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ᠂ ᠠᠵᠤ ᠦᠢᠯᠡᠰ ᠢ ᠲᠥᠪᠯᠡᠷᠡᠭᠦᠯᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠦᠢᠯᠡᠰ ᠢ 2023 ᠣᠨ ᠳᠤ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠢ ᠰᠠᠶᠢᠲᠤᠷ ᠬᠢᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠵᠤ ᠰᠠᠶᠢᠲᠤᠷ ᠤᠯᠠᠮᠵᠢᠯᠠᠨ ᠰᠠᠶᠢᠲᠤᠷ ᠪᠠᠳᠠᠷᠠᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ ᠦᠢᠯᠡᠳᠦᠯᠭᠡ ᠶᠢ ᠵᠢᠯᠤᠭᠤᠳᠬᠤ ᠦᠵᠡᠯ ᠰᠠᠨᠠᠭᠠᠨ ᠤ ᠵᠡᠪᠰᠡᠭ ᠪᠣᠯᠣᠨ ᠠᠵᠢᠯ ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠵᠦ ᠴᠢᠩᠭᠠᠳᠬᠠᠪᠠ  ᠃      ᠬᠤᠷᠠᠯ ᠠᠴᠠ ᠪᠠᠰᠠ ᠪᠤᠰᠤᠳ ᠵᠦᠢᠯ ᠢ ᠰᠤᠲᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号