ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠡᠮᠬᠢ ᠵᠢᠷᠤᠮ ᠲᠠᠢ ᠪᠠᠷ ᠰᠡᠷᠭᠦᠨ ᠬᠥᠭᠵᠢᠪᠡ
ᠨᠡᠶᠢᠲᠡᠯᠡᠭᠰᠡᠨ ᠴᠠᠭ᠄
2022/12/26
     ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠠᠷᠪᠠᠨ ᠵᠤᠷᠪᠤᠰ ᠢ ᠭᠦᠨᠵᠡᠭᠡᠢ ᠲᠤᠭᠤᠰᠢᠯᠠᠭᠤᠯᠤᠨ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠰᠣᠶᠣᠯ ᠤᠨ ᠲᠠᠯᠠᠪᠠᠶ ᠣᠷᠳᠣᠨ᠂ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠴᠤ ᠡᠵᠡᠩᠨᠡᠬᠦ ᠲᠠᠯᠠᠪᠤᠷ ᠭᠠᠵᠠᠷ᠂ ᠲᠢᠶᠠᠲᠷ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠵᠦᠭᠯᠡᠭᠦᠷ ᠢ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ ᠪᠠᠶᠢᠷᠢᠯᠠᠭᠤᠯᠪᠠ᠃ ᠣᠳᠣᠬᠠᠨ ᠳᠤ ᠬᠠᠲᠤᠨ ᠭᠤᠣᠯ ᠤᠨ ᠶᠡᠭᠡ ᠬᠠᠪᠴᠢᠯ᠂ ᠺᠠᠩ ᠵᠧᠨ ᠪᠠᠯᠭᠠᠰᠤ᠂ ᠲᠡᠷᠭᠡ ᠤᠷᠤᠯᠳᠤᠬᠤ ᠵᠢᠵᠢᠭ ᠪᠠᠯᠭᠠᠰᠤ᠂ ᠢ ᠵᠢᠩ ᠶᠤᠸᠠᠨ ᠬᠤᠲᠠ ᠶᠢᠨ ᠡᠯᠡᠰᠦᠨ ᠠᠭᠤᠯᠠ ᠦᠵᠡᠮᠵᠢ ᠶᠢᠨ ᠣᠷᠣᠨ ᠵᠡᠷᠭᠡ 12 ᠦᠵᠡᠮᠵᠢ ᠶᠢᠨ ᠣᠷᠣᠨ ᠤ ᠡᠵᠡᠩᠨᠡᠯᠲᠡ ᠨᠡᠭᠡᠭᠡᠯᠲᠡ ᠬᠢᠵᠦ᠂ ᠬᠤᠲᠠ ᠶᠢᠨ ᠨᠣᠮ ᠤᠨ ᠰᠠᠩ᠂ ᠬᠤᠲᠠ ᠶᠢᠨ ᠰᠣᠶᠣᠯ ᠤᠨ ᠣᠷᠳᠣᠨ ᠵᠡᠷᠭᠡ ᠰᠣᠶᠣᠯ ᠤᠨ ᠲᠠᠯᠠᠪᠠᠶ ᠣᠷᠳᠣᠨ ᠤ ᠨᠡᠭᠡᠭᠡᠯᠲᠡ ᠠᠯᠬᠤᠮ ᠠᠯᠬᠤᠮ ᠢᠶᠠᠷ ᠰᠡᠷᠭᠦᠵᠦ ᠪᠠᠶᠢᠨ᠎ᠠ᠃      ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠥᠬᠦ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠨ ᠬᠥᠭᠵᠢᠬᠦ ᠶᠢ ᠲᠦᠷᠭᠡᠳᠬᠡᠨ ᠠᠬᠢᠭᠤᠯᠪᠠ᠃ ᠡᠭᠡᠯᠵᠢ ᠶᠢᠨ ᠨᠢᠰᠬᠡᠯ ᠤᠨ ᠠᠶᠠᠯᠠᠯ ᠤᠨ ᠱᠤᠭᠤᠮ ᠤᠨ ᠠᠯᠬᠤᠮ ᠠᠯᠬᠤᠮ ᠢᠶᠠᠷ ᠰᠡᠷᠭᠦᠭᠡᠬᠦ ᠪᠠ ᠬᠤᠲᠠ ᠶᠢᠨ ᠳᠣᠲᠣᠷᠠᠬᠢ ᠮᠥᠰᠥ ᠴᠠᠰᠤᠨ ᠤ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠵᠠᠬ᠎ᠠ ᠳᠤ ᠣᠷᠤᠬᠤ ᠶᠢᠨ ᠲᠣᠭᠤᠷᠢᠨ ᠳᠤ᠂ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠵᠢᠦ ᠴᠧᠩ ᠬᠥᠩ ᠣᠷᠳᠣᠨ᠂ ᠸᠠᠨ ᠵᠢᠶᠠ ᠬᠤᠶ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠪᠠᠭᠲᠠᠭᠠᠭᠰᠠᠨ ︽ᠣᠷᠳᠣᠰ ᠤᠨ ᠮᠥᠰᠥ ᠴᠠᠰᠤᠨ ᠤ ᠰᠣᠶᠣᠯ ᠤᠨ ᠵᠢᠭᠤᠯᠴᠢᠯᠠᠯ ᠤᠨ ᠪᠠᠶᠠᠷ ᠤᠨ 6 ᠡᠳᠦᠷ ᠤᠨ ᠵᠢᠭᠤᠯᠴᠢᠯᠠᠯ︾ ᠤᠨ ᠪᠦᠲᠦᠭᠡᠭᠳᠡᠬᠦᠨ ᠤ ᠵᠠᠮ ᠱᠤᠭᠤᠮ ᠢ ᠭᠠᠷᠭᠠᠪᠠ᠃ ᠡᠭᠦᠨ ᠤ ᠵᠡᠷᠭᠡ ᠳᠤ ᠲᠥᠷᠥ ᠶᠢᠨ ᠪᠣᠳᠣᠯᠭ᠎ᠠ  ᠶᠢᠨ ᠱᠠᠩᠨᠠᠯ ᠨᠥᠬᠦᠪᠦᠷᠢ ᠶᠢ ᠪᠡᠶᠡᠯᠡᠭᠦᠯᠬᠦ ᠠᠵᠢᠯ ᠢ ᠨᠠᠷᠢᠨ ᠨᠢᠮᠪᠠᠢ ᠪᠠᠶᠢᠷᠢᠯᠠᠭᠤᠯᠵᠤ᠂ ᠠᠯᠢ ᠣᠯᠠᠨ ᠭᠤᠣᠯᠳᠠᠯᠭ᠎ᠠ ᠲᠠᠢ ᠠᠵᠢᠯᠯᠠᠭ᠎ᠠ ᠶᠢ ᠥᠷᠨᠢᠭᠦᠯᠵᠦ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ   ᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠭᠤᠯᠤᠨ ᠪᠦᠬᠦ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠰᠡᠷᠭᠦᠯᠲᠡ ᠬᠥᠭᠵᠢᠯᠲᠡ   ᠶᠢ ᠲᠦᠯᠬᠢᠨ ᠠᠬᠢᠭᠤᠯᠵᠤ ᠪᠠᠶᠢᠨ᠎ᠠ᠃      ᠣᠶᠢᠷ᠎ᠠ ᠳᠤ᠂ ᠪᠦᠷᠢᠶ᠎ᠡ ᠮᠠᠩᠬ᠎ᠠ ᠵᠢᠭᠤᠯᠴᠢᠯᠠᠯ ᠤᠨ ᠦᠵᠡᠮᠵᠢ ᠶᠢᠨ ᠣᠷᠣᠨ᠂ ᠸᠠᠨ ᠵᠢᠶᠠ ᠬᠤᠶ ᠪᠠᠶᠠᠰᠬᠤᠯᠠᠩᠲᠤ ᠶᠢᠷᠲᠢᠨᠴᠦ᠂ ᠵᠢᠦ ᠴᠧᠩ ᠬᠥᠩ ᠤᠨ ᠣᠯᠠᠨ ᠤᠯᠤᠰ ᠤᠨ ᠴᠠᠨᠠᠯᠠᠬᠤ ᠲᠠᠯᠠᠪᠠᠶ 2022 ᠣᠨ ᠤ ᠥᠪᠥᠷ ᠮᠣᠩᠭᠤᠯ ᠤᠨ ᠰᠦᠯᠵᠢᠶᠡᠨ ᠤ ᠺᠠᠷᠲ ᠪᠦᠷᠢᠳᠭᠡᠭᠦᠯᠬᠦ ᠭᠠᠵᠠᠷ ᠤᠨ ᠡᠪᠦᠯ ᠤᠨ ᠤᠯᠠᠷᠢᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠴᠢᠬᠤᠯᠠ ᠪᠦᠲᠦᠭᠡᠭᠳᠡᠬᠦᠨ ᠪᠠ ᠰᠢᠨ᠎ᠡ ᠬᠠᠯᠠᠮᠰᠢᠯ ᠴᠡᠭ ᠪᠣᠯᠵᠤ᠂ ᠥᠷᠭᠡᠨ ᠣᠯᠠᠨ ᠵᠢᠭᠤᠯᠴᠢᠯᠠᠭᠴᠢᠳ ᠪᠠ ᠬᠤᠲᠠ ᠶᠢᠨ ᠠᠷᠠᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠦᠭᠯᠡᠭᠦᠷ ᠬᠠᠩᠭᠠᠭᠰᠠᠨ ᠪᠠᠶᠢᠨ᠎ᠠ᠃ ᠡᠪᠦᠯ ᠤᠨ ᠤᠯᠠᠷᠢᠯ ᠤᠨ ᠮᠥᠰᠥ ᠴᠠᠰᠤᠨ ᠤ  ᠵᠢᠭᠤᠯᠴᠢᠯᠠᠯ ᠤᠨ ︽ᠬᠠᠯᠠᠮᠰᠢᠯ︾ ᠢ ᠳᠠᠭᠠᠯᠳᠤᠨ᠂ ᠬᠤᠲᠠ ᠶᠢᠨ ᠳᠣᠲᠣᠷ᠎ᠠ ᠪᠠᠰᠠ ᠢ ᠵᠢᠩ ᠶᠤᠸᠠᠨ ᠬᠤᠲᠠ ᠶᠢᠨ ᠡᠯᠡᠰᠦᠨ ᠠᠭᠤᠯᠠ᠂ ᠬᠢᠶ᠎ᠠ ᠪᠠᠭᠰᠢ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠵᠡᠷᠭᠡ ᠦᠵᠡᠮᠵᠢ ᠶᠢᠨ ᠭᠠᠵᠠᠷ ᠣᠯᠠᠨ ᠵᠦᠢᠯ ᠤᠨ ᠦᠢᠯᠡᠳᠬᠦᠨ ᠭᠠᠷᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠭᠰᠡᠨ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号