ᠲᠦᠷᠦᠭᠦᠬᠡᠨ ᠳᠤ᠂ 2022 ᠣᠨ ᠤ ᠥᠪᠥᠷ ᠮᠣᠩᠭᠤᠯ ᠤᠨ ᠰᠦᠯᠵᠢᠶᠡᠨ ᠤ ᠺᠠᠷᠲ ᠪᠦᠷᠢᠳᠭᠡᠭᠦᠯᠬᠦ | ᠭᠠᠵᠠᠷ ᠤᠨ ᠡᠪᠦᠯ ᠤᠨ ᠤᠯᠠᠷᠢᠯ ᠤᠨ ᠨᠡᠷᠡᠰ ᠤᠨ ᠵᠢᠭᠰᠠᠭᠠᠯᠲᠠ ᠶᠢ ᠵᠢᠩᠬᠢᠨᠢ ᠪᠠᠷ ᠨᠡᠶᠢᠲᠡᠯᠡᠵᠦ᠂ ᠪᠤᠭᠤᠲᠤ ᠶᠢᠨ | ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ ᠰᠣᠩᠭᠤᠭᠳᠠᠪᠠ᠃ | ᠣᠶᠢᠯᠠᠭᠠᠭᠰᠠᠨ ᠢᠶᠠᠷ᠂ ᠪᠤᠭᠤᠲᠤ ᠶᠢᠨ ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ ᠨᠢ ᠬᠥᠨᠳᠡᠯᠡᠨ | ᠲᠣᠭᠤᠷᠢᠭ ᠤᠨ ᠱᠧᠮᠧᠨ ᠦᠵᠡᠮᠵᠢ ᠶᠢᠨ ᠣᠷᠣᠨ ᠳᠤ ᠪᠠᠶᠢᠷᠢᠯᠠᠵᠤ᠂ 700 ᠭᠠᠷᠤᠢ ᠮᠦ ᠲᠠᠯᠠᠪᠠᠶ ᠲᠠᠢ᠂ ᠨᠡᠶᠢᠲᠡ | 3000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠬᠦᠨ ᠢ ᠣᠯᠠᠨ ᠤᠯᠤᠰ ᠤᠨ ᠪᠠᠷᠢᠮᠵᠢᠶ᠎ᠠ | ᠶᠣᠰᠣᠭᠠᠷ ᠪᠠᠶᠢᠭᠤᠯᠵᠤ᠂ ᠮᠢᠩᠭ᠎ᠠ ᠭᠠᠷᠤᠢ ᠬᠦᠮᠦᠨ ᠢ ᠪᠠᠭᠲᠠᠭᠠᠵᠤ ᠪᠣᠯᠣᠨ᠎ᠠ᠃ ︽ᠬᠦᠢᠲᠡᠨ︾ ᠬᠥᠳᠡᠯᠭᠡᠭᠡᠨ | ᠬᠢᠭᠡᠳ ︽ᠬᠠᠯᠠᠭᠤᠷᠠᠯ︾ ᠡᠭᠦᠰᠭᠡᠯ᠎ᠡ᠃ ᠴᠠᠰᠤᠨ ᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠤᠯᠠᠮ ᠠᠴᠠ | ᠤᠯᠠᠮ ᠣᠯᠠᠨ ᠬᠥᠮᠥᠰ ᠭᠡᠷ ᠠᠴᠠ ᠪᠠᠨ ᠭᠠᠷᠴᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠣᠶᠢᠯᠠᠭᠠᠬᠤ | ᠣᠷᠭᠢᠯᠤᠮ᠎ᠠ ᠰᠡᠳᠬᠢᠯᠭᠡ ᠪᠠ ᠪᠠᠶᠠᠷ ᠪᠠᠶᠠᠰᠤᠯ ᠢ ᠰᠣᠩᠭᠤᠵᠤ᠂ ᠣᠯᠠᠨ ᠲᠦᠮᠡᠨ ᠤ ᠣᠷᠤᠯᠴᠠᠬᠤ ᠬᠠᠯᠠᠭᠤᠨ | ᠰᠡᠳᠬᠢᠯᠭᠡ ᠣᠷᠭᠢᠯᠤᠨ ᠪᠠᠳᠠᠷᠠᠵᠤ᠂ ᠯᠦ ᠴᠧᠩ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ | ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠠᠪᠴᠢᠷᠠᠵᠤ ᠥᠭᠭᠦᠭᠰᠡᠨ ᠪᠠᠶᠢᠨ᠎ᠠ᠃ ᠡᠭᠦᠨ ᠤ ᠵᠡᠷᠭᠡᠪᠡᠷ᠂ | ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ︱ ᠪᠤᠭᠤᠲᠤ | ᠬᠤᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠠᠵᠢᠯᠯᠠᠭ᠎ᠠ ᠴᠤ 12 ᠳ᠋ᠤᠭᠠᠷ | ᠰᠠᠷ᠎ᠠ ᠳᠤ ᠡᠬᠢᠯᠡᠵᠦ᠂ 2023 ᠣᠨ ᠤ 3 ᠰᠠᠷ᠎ᠠ ᠪᠣᠯᠲᠠᠯ᠎ᠠ ᠶᠠᠪᠤᠭᠳᠠᠨ᠎ᠠ᠃ ᠣᠯᠠᠨ ᠨᠡᠶᠢᠲᠡ ᠶᠢᠨ ᠮᠥᠰᠥ | ᠴᠠᠰᠤᠨ ᠤ ᠤᠯᠠᠷᠢᠯ ᠤᠨ ᠬᠤᠭᠤᠴᠠᠭᠠᠨ ᠳᠤ᠂ ᠮᠠᠨ ᠤ ᠬᠤᠲᠠ ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ᠂ | ᠡᠮᠦᠨᠡᠲᠦ ᠲᠠᠩᠭᠢᠰ ᠤᠨ ᠨᠤᠭᠤ ᠭᠠᠵᠠᠷ ᠤᠨ ᠴᠡᠴᠡᠷᠯᠢᠭ᠂ ᠰᠢᠶᠣᠣ ᠪᠠᠢ ᠾᠧ ᠨᠤᠭᠤ ᠭᠠᠵᠠᠷ ᠤᠨ ᠴᠡᠴᠡᠷᠯᠢᠭ᠂ | ᠰᠠᠶᠢᠬᠠᠨ ᠲᠠᠯ᠎ᠠ ᠴᠡᠴᠡᠷᠯᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠭᠠᠳᠤᠮ ᠤᠨ ᠬᠦᠷᠢᠶᠡᠯᠡᠩ | ᠲᠣᠭᠤᠷᠢᠭ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠪᠡᠶ᠎ᠡ ᠶᠢᠨ ᠲᠠᠮᠢᠷ ᠤᠨ ᠲᠥᠪ ᠵᠡᠷᠭᠡ ᠲᠠᠯᠠᠪᠤᠷ ᠲᠤ | ᠣᠯᠠᠨ ᠨᠡᠶᠢᠲᠡ ᠶᠢᠨ ᠮᠥᠰᠥ ᠴᠠᠰᠤᠨ ᠤ ᠡᠯᠪᠡᠭ ᠪᠠᠶᠠᠯᠢᠭ ᠠᠵᠢᠯᠯᠠᠭ᠎ᠠ ᠶᠢ ᠥᠷᠨᠢᠭᠦᠯᠦᠨ᠎ᠡ᠃ ᠲᠤᠬᠠᠢ ᠶᠢᠨ | ᠦᠶ᠎ᠡ ᠳᠤ ᠬᠤᠳᠠ ᠶᠢᠨ ᠠᠷᠠᠳ ᠤᠨ ᠴᠠᠨᠠᠯᠠᠬᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠴᠠᠨᠠᠯᠠᠬᠤ | ᠤᠷᠤᠯᠳᠤᠭᠠᠨ᠂ ᠲᠦᠷᠭᠡᠨ ᠲᠡᠰᠢᠯᠲᠡ ᠶᠢᠨ ᠤᠷᠤᠯᠳᠤᠭᠠᠨ᠂ ᠴᠠᠰᠤᠨ ᠳᠡᠭᠡᠷᠡᠬᠢ ᠬᠥᠯ ᠪᠥᠮᠪᠦᠭᠡ ᠶᠢᠨ ᠤᠷᠤᠯᠳᠤᠭᠠᠨ᠂ | ᠮᠥᠰᠥᠨ ᠳᠤ ᠭᠥᠬᠢᠳᠡᠬᠦ ᠤᠷᠤᠯᠳᠤᠭᠠᠨ᠂ ᠡᠪᠦᠯ ᠤᠨ ᠤᠮᠪᠠᠯᠲᠠ ᠶᠢᠨ ᠤᠷᠤᠯᠳᠤᠭᠠᠨ᠂ ᠮᠥᠰᠥ ᠴᠠᠰᠤᠨ ᠤ | ᠰᠣᠨᠢᠷᠬᠠᠯ ᠤᠨ ᠲᠠᠮᠢᠷ ᠤᠨ ᠴᠤᠭᠯᠠᠭᠠᠨ᠂ ᠮᠥᠰᠥ ᠴᠠᠰᠤᠨ ᠤ ᠤᠷᠠᠯᠢᠭ ᠤᠨ ᠨᠠᠶᠢᠷ᠂ ᠮᠥᠰᠥ ᠴᠠᠰᠤᠨ ᠤ ᠨᠠᠶᠢᠷ | ᠵᠡᠷᠭᠡ ᠰᠢᠷᠢᠰ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ᠂ ︽ᠰᠢᠨ᠎ᠡ ᠵᠢᠯ ᠢ ᠤᠭᠲᠤᠨ ᠢᠳᠡᠷᠡᠭᠦᠨ | ᠠᠯᠬᠤᠬᠤ︾ ᠠᠵᠢᠯᠯᠠᠭ᠎ᠠ ᠵᠢᠴᠢ ᠵᠠᠯᠠᠭᠤᠴᠤᠳ ᠪᠠᠭᠠᠴᠤᠳ᠂ ᠤᠯᠠᠨ ᠲᠦᠮᠡᠨ ᠤ ᠮᠥᠰᠥ ᠴᠠᠰᠤᠨ ᠤ ᠪᠣᠯᠪᠠᠰᠤᠷᠠᠯ ᠢ | ᠡᠷᠬᠢᠯᠡᠵᠦ᠂ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠭᠤᠷ ᠠᠮᠢᠰᠬᠤᠯ ᠢ ᠪᠤᠢ ᠪᠣᠯᠭᠠᠨ᠎ᠠ᠃ ᠡᠯᠪᠡᠭ ᠪᠠᠶᠠᠯᠢᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠭᠤᠯᠭ᠎ᠠ | ᠪᠠ ᠠᠷᠭ᠎ᠠ ᠬᠡᠯᠪᠡᠷᠢ ᠨᠢ ᠠᠳᠠᠯᠢ ᠪᠤᠰᠤ ᠬᠥᠮᠥᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠬᠤ | ᠱᠠᠭᠠᠷᠳᠠᠯᠭ᠎ᠠ ᠶᠢ ᠬᠠᠩᠭᠠᠵᠤ᠂ ᠨᠡᠩ ᠤᠯᠠᠨ ᠬᠥᠮᠥᠰ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ | ᠰᠢᠳᠢ ᠪᠠ ᠪᠠᠶᠠᠷ ᠪᠠᠭ᠋ᠠᠳᠤᠯ ᠢ ᠡᠳ᠋ᠯᠡᠭᠦᠯᠪᠡ᠃ |