︽ᠭᠠᠭᠴᠠ ᠪᠢᠯᠴᠠᠤ︾ ᠴᠣᠨᠵᠢ ᠶᠢᠨ ᠬᠡᠷᠡᠭ 2022 ᠣᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠭᠡᠯ ᠤᠨ ︽ᠠᠷᠪᠠᠨ ᠰᠢᠯᠢᠳᠡᠭ ᠬᠡᠷᠡᠭ ᠤᠨ ᠡᠪᠬᠡᠮᠡᠯ︾ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2022/12/31
     ᠣᠶᠢᠷ᠎ᠠ ᠳᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ 2022 ᠣᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠤᠨ ︽ᠠᠷᠪᠠᠨ ᠰᠢᠯᠢᠳᠡᠭ ᠬᠡᠷᠡᠭ ᠤᠨ ᠡᠪᠬᠡᠮᠡᠯ︾ ᠢ ᠨᠡᠶᠢᠲᠡᠯᠡᠪᠡ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠳ᠋ᠦ᠋ ᠣᠪᠣᠭᠲᠤ᠂ ᠱᠣᠸ ᠣᠪᠣᠭᠲᠤ᠂ ᠵᠧᠦ ᠣᠪᠣᠭᠲᠤ ᠶᠢᠨ ᠠᠳᠡᠯ ᠠᠴᠠ ᠪᠣᠯᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠭᠠᠭᠴᠠ ᠪᠢᠯᠴᠠᠤ ᠴᠣᠨᠵᠢ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠨᠢ ᠪᠥᠬᠦ ᠣᠷᠣᠨ ᠤ ᠴᠣᠷ ᠤᠨ ᠭᠠᠭᠴᠠ ᠡᠴᠦᠰ ᠤᠨ ᠦᠨᠡᠯᠡᠯᠲᠡ ᠳᠤ ᠰᠣᠩᠭᠤᠭᠳᠠᠭᠰᠠᠨ ᠬᠡᠷᠡᠭ ᠤᠨ ᠡᠪᠬᠡᠮᠡᠯ  ᠪᠤᠯᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ 2022 ᠣᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢᠶᠠᠷ ᠦᠨᠡᠯᠡᠭᠳᠡᠭᠰᠡᠨ ︽ᠠᠷᠪᠠᠨ ᠰᠢᠯᠢᠳᠡᠭ ᠬᠡᠷᠡᠭ ᠤᠨ ᠡᠪᠬᠡᠮᠡᠯ︾ ᠢᠶᠠᠷ ᠦᠨᠡᠯᠡᠭᠳᠡᠪᠡ᠃      ᠭᠠᠭᠴᠠ ᠪᠢᠯᠴᠠᠤ ᠶᠢᠨ ᠴᠣᠨᠵᠢ ᠶᠢᠨ ᠬᠡᠷᠡᠭ ᠪᠣᠯ ᠠᠯᠠᠱᠠ ᠵᠡᠭᠦᠨ ᠬᠤᠰᠢᠭᠤᠨ ᠤ ᠲᠡᠮᠡᠭᠡᠨ ᠪᠦᠬᠦ ᠲᠡᠦᠬᠡ ᠶᠢᠨ ᠳᠤᠷᠠᠰᠬᠠᠯᠲᠤ ᠵᠦᠢᠯᠡᠰ ︵ᠤᠷᠳᠤ ᠴᠠᠭᠠᠨ ᠬᠡᠷᠡᠮ︶ ᠤᠨ ᠬᠠᠮᠠᠭᠠᠯᠠᠭᠴᠢ ᠶᠢᠨ ᠵᠤᠷᠰᠢᠯ ᠤᠨ ᠲᠣᠭᠤᠷᠢᠨ ᠪᠠᠶᠢᠴᠠᠭᠠᠬᠤ ᠡᠭᠦᠷᠭᠡ ᠶᠢ ᠭᠦᠢᠴᠡᠳᠬᠡᠬᠦ ᠦᠶ᠎ᠡ ᠳᠤ ᠢᠯᠡᠷᠡᠭᠦᠯᠦᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ᠎ᠠ᠃ ᠲᠣᠰ ᠬᠡᠷᠡᠭ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠪᠠᠳᠠᠨ ᠰᠢᠢᠳᠪᠦᠷᠢᠯᠡᠭᠦᠯᠦᠭᠰᠡᠨ ᠵᠣᠬᠢᠴᠠᠭᠤᠯᠭ᠎ᠠ ᠳᠣᠣᠷ᠎ᠠ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭ ᠢ ᠪᠠᠶᠢᠴᠠᠭᠠᠵᠤ ᠭᠡᠷᠡᠴᠢ ᠠᠪᠬᠤ᠂ ᠰᠡᠵᠢᠭᠲᠡᠨ ᠢ ᠪᠠᠶᠢᠴᠠᠭᠠᠨ ᠲᠣᠳᠣᠯᠠᠬᠤ᠂ ᠬᠡᠷᠡᠭ ᠤᠨ ᠪᠠᠶᠢᠳᠠᠯ ᠢ ᠪᠠᠶᠢᠴᠠᠭᠠᠨ ᠲᠣᠳᠣᠯᠠᠬᠤ ᠠᠵᠢᠯ ᠢ ᠪᠡᠶᠡᠯᠡᠭᠦᠯᠵᠡᠢ᠃ ᠲᠤᠰ ᠬᠡᠷᠡᠭ ᠢ ᠳᠡᠩᠨᠡᠨ ᠢᠯᠡᠷᠡᠭᠦᠯᠦᠭᠰᠡᠨ ᠨᠢ ᠲᠡᠦᠬᠡ ᠶᠢᠨ ᠳᠤᠷᠠᠰᠬᠠᠯᠲᠤ  ᠵᠦᠢᠯᠡᠰ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠦᠷᠳᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃      ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 2022 ᠣᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ︽ᠠᠷᠪᠠᠨ ᠰᠢᠯᠢᠳᠡᠭ ᠬᠡᠷᠡᠭ ᠤᠨ ᠵᠢᠱᠢᠶ᠎ᠡ︾ ᠪᠠᠷ ᠦᠨᠡᠯᠡᠭᠳᠡᠭᠰᠡᠨ ᠢᠶᠠᠷ ᠲᠣᠬᠢᠶᠠᠯ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠤᠬᠠᠭᠤᠯᠬᠤ ᠪᠠ ᠳ᠋ᠦᠩᠨᠡᠬᠦ ᠶᠢ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号