ᠴᠠᠬᠠᠷ ᠠᠶᠢᠯ ᠴᠠᠰᠤᠨ ᠳᠤ ᠭᠤᠯᠭᠤᠬᠤ ᠲᠠᠯᠠᠪᠠᠶ  ︽ᠲᠤᠷᠰᠢᠨ ᠡᠵᠡᠩᠨᠡᠵᠦ︾ ᠡᠬᠢᠯᠡᠯ᠎ᠡ
ᠨᠡᠶᠢᠲᠡᠯᠡᠭᠰᠡᠨ ᠴᠠᠭ᠄
2022/12/31
     ᠣᠶᠢᠷ᠎ᠠ ᠳᠤ᠂ ᠵᠢᠨᠢᠩ ᠤᠨ ᠨᠢᠰᠬᠡᠯ ᠤᠨ ᠪᠠᠭᠤᠳᠠᠯ   ᠠᠴᠠ ᠬᠤᠶᠢᠰᠢ ᠬᠤᠶᠠᠷ ᠺᠢᠯᠣᠮᠧᠲᠷ ᠵᠠᠶᠢᠲᠠᠢ ᠪᠠᠶᠢᠭ᠎ᠠ ᠴᠠᠬᠠᠷ ᠠᠶᠢᠯ ᠴᠠᠰᠤᠨ ᠳᠤ ᠭᠤᠯᠭᠤᠬᠤ ᠲᠠᠯᠠᠪᠠᠶ  ᠳᠤ ︽ᠲᠤᠷᠰᠢᠨ ᠡᠵᠡᠩᠨᠡᠵᠦ︾ ᠡᠬᠢᠯᠡᠨ ᠬᠡᠷᠡᠭᠵᠢᠭᠦᠯᠵᠦ᠂ ᠴᠠᠨ᠎ᠠ ᠳᠤ ᠭᠤᠯᠭᠤᠬᠤ ᠳᠤᠷᠠᠲᠠᠢ ᠬᠥᠮᠥᠰ ᠴᠠᠨ᠎ᠠ   ᠶᠢᠨ ᠲᠠᠯᠠᠪᠠᠶ ᠳᠤ ᠣᠷᠣᠵᠤ᠂ ᠡᠪᠦᠯ ᠤᠨ ᠤᠯᠠᠷᠢᠯ ᠤᠨ ︽ᠠᠩᠬᠠᠨ ᠤ ᠲᠡᠰᠢᠯᠲᠡ︾   ᠶᠢ ᠤᠷᠢᠲᠠ ᠪᠠᠷ ᠬᠢᠬᠦ ᠪᠠᠷ ᠴᠢᠷᠮᠠᠶᠢᠵᠤ ᠪᠠᠶᠢᠨ᠎ᠠ᠃      ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠲᠤᠷᠰᠢᠨ ᠡᠵᠡᠩᠨᠡᠬᠦ ᠬᠤᠭᠤᠴᠠᠭᠠᠨ ᠳᠤ  ᠂ᠴᠠᠬᠠᠷ ᠠᠶᠢᠯ ᠴᠠᠰᠤᠨ ᠳᠤ ᠭᠤᠯᠭᠤᠬᠤ ᠲᠠᠯᠠᠪᠠᠶ  ᠨᠢ ᠨᠢᠭᠡ ᠵᠤᠷᠪᠤᠰ ᠵᠢᠭᠠᠨ ᠰᠤᠷᠭᠠᠯᠲᠠ ᠶᠢᠨ ᠴᠠᠰᠤᠨ ᠳᠤ ᠭᠤᠯᠭᠤᠬᠤ ᠵᠠᠮ᠂ ᠬᠤᠶᠠᠷ ᠵᠤᠷᠪᠤᠰ ᠠᠩᠬ᠎ᠠ ᠵᠡᠷᠭᠡ ᠶᠢᠨ ᠴᠠᠰᠤᠨ ᠳᠤ ᠭᠤᠯᠭᠤᠬᠤ ᠵᠠᠮ ᠢ ᠨᠡᠭᠡᠭᠡᠵᠦ᠂ ᠬᠤᠶᠠᠷ ᠵᠤᠷᠪᠤᠰ  ︽ᠰᠢᠳᠢᠲᠦ ᠬᠡᠪᠢᠰ︾ ᠲᠣᠬᠢᠷᠠᠭᠤᠯᠵᠠᠢ᠃ ᠡᠭᠦᠨ ᠤ ᠬᠠᠮᠲᠤ᠂ ᠶᠡᠷᠦᠩᠬᠡᠶᠢᠯᠡᠭᠰᠡᠨ ᠶᠡᠭᠡ ᠲᠢᠩᠬᠢᠮ ᠳᠤ ᠪᠠᠰᠠ ᠬᠤᠭᠤᠯᠠᠨ ᠲᠢᠩᠬᠢᠮ ᠂ ᠴᠠᠰᠤᠨ ᠳᠤ ᠭᠤᠯᠭᠤᠬᠤ ᠰᠤᠷᠭᠠᠭᠤᠯᠢ᠂ ᠬᠡᠲᠦ ᠳᠡᠯᠭᠡᠭᠦᠷ ᠵᠡᠷᠭᠡ ᠶᠢ ᠪᠠᠶᠢᠭᠤᠯᠵᠤ᠂ ᠵᠢᠭᠤᠯᠴᠢᠯᠠᠭᠴᠢᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠪᠠ᠃ᠲᠤᠷᠰᠢᠨ ᠡᠵᠡᠩᠨᠡᠭᠰᠡᠨ ᠲᠤᠬᠠᠢ ᠶᠢᠨ ᠡᠳᠦᠷ᠂ ᠴᠠᠰᠤᠨ ᠳᠤ ᠭᠤᠯᠭᠤᠬᠤ ᠲᠠᠯᠠᠪᠠᠶ ᠳᠤ ᠨᠡᠶᠢᠲᠡ 200 ᠭᠠᠷᠤᠢ ᠵᠢᠭᠤᠯᠴᠢᠯᠠᠯᠭᠴᠢᠳ ᠢ ᠭᠥᠯᠢᠶᠡᠨ ᠠᠪᠴᠠᠢ᠃ ᠲᠠᠷᠠᠭᠠᠴᠢ ᠶᠢᠨ ᠠᠯᠬᠤᠮ ᠳᠤ᠂ ᠴᠠᠰᠤᠨ ᠳᠤ ᠭᠤᠯᠭᠤᠬᠤ ᠲᠠᠯᠠᠪᠠᠶ ᠨᠢ 12 ᠰᠠᠷ᠎ᠠ ᠶᠢᠨ ᠰᠡᠭᠦᠯᠴᠢ ᠪᠠᠷ ᠲᠠᠲᠠᠭᠤᠷ ᠲᠡᠷᠭᠡ᠂ ᠳᠤᠮᠳᠠ ᠵᠡᠷᠭᠡ ᠶᠢᠨ ᠴᠠᠰᠤᠨ ᠳᠤ ᠭᠤᠯᠭᠤᠬᠤ ᠵᠠᠮ᠂  ᠲᠡᠭᠡᠲᠦ ᠳᠤᠮᠳᠠ ᠵᠡᠷᠭᠡ ᠶᠢᠨ ᠴᠠᠰᠤᠨ ᠳᠤ ᠭᠤᠯᠭᠤᠬᠤ ᠵᠠᠮ ᠵᠢᠴᠢ 10 ᠲᠦᠮᠡᠨ ᠲᠡᠭᠰᠢ ᠳᠥᠷᠪᠡᠯᠵᠢᠨ ᠮᠧᠲᠷ ᠤᠨ ᠴᠠᠰᠤᠨ ᠳᠤ ᠭᠤᠯᠭᠤᠬᠤ ᠴᠡᠩᠭᠡᠯ ᠤᠨ ᠬᠦᠷᠢᠶᠡᠯᠡᠩ ᠢ ᠵᠠᠯᠭᠠᠭ᠎ᠠ ᠪᠠᠷ ᠨᠡᠭᠡᠭᠡᠵᠦ᠂ ᠠᠳᠠᠯᠢ ᠪᠤᠰᠤ ᠨᠠᠰᠤᠨ ᠤ ᠲᠠᠰ ᠳᠠᠪᠬᠤᠷᠭ᠎ᠠ ᠶᠢᠨ ᠵᠢᠭᠤᠯᠴᠢᠯᠠᠭᠴᠢᠳ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠮᠥᠰᠥ ᠴᠠᠰᠤᠨ ᠤ ︽ᠬᠦᠢᠲᠡᠨ ᠡᠬᠢ ᠪᠠᠶᠠᠯᠢᠭ︾ ᠢ ᠦᠨᠡᠨ ᠬᠦ ᠵᠢᠭᠤᠯᠴᠢᠯᠠᠯ ᠤᠨ ︽ᠬᠠᠯᠠᠭᠤᠨ ᠠᠵᠤ ᠠᠬᠤᠢ︾ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠤᠯᠠᠭᠠᠨᠴᠠᠪ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号