ᠬᠤᠶᠠᠳᠤᠭᠠᠷ ᠬᠤᠭᠤᠴᠠᠭᠠᠨ ᠤ ︽ᠰᠢᠨ᠎ᠡ ᠪᠤᠭᠤᠲᠤ︾ ᠣᠬᠤᠷ ᠸᠢᠳᠢᠤ᠋ ᠶᠢᠨ ᠤᠷᠤᠯᠳᠤᠭᠠᠨ ᠤ ᠰᠦᠯᠵᠢᠶᠡᠨ ᠳᠡᠭᠡᠷᠡᠬᠢ ᠪᠢᠯᠧᠲ ᠥᠭᠬᠦ ᠵᠠᠮ ᠨᠡᠭᠡᠭᠡᠭᠳᠡᠪᠡ
ᠨᠡᠶᠢᠲᠡᠯᠡᠭᠰᠡᠨ ᠴᠠᠭ᠄
2022/12/5
   ᠲᠦᠷᠦᠭᠦᠬᠡᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠲᠤᠷᠠᠨ ᠡᠭᠦᠰᠬᠡᠭᠰᠡᠨ ᠬᠤᠶᠠᠳᠤᠭᠠᠷ ᠬᠤᠭᠤᠴᠠᠭᠠᠨ ᠤ ︽ᠰᠢᠨ᠎ᠡ ᠪᠤᠭᠤᠲᠤ︾ ᠣᠬᠤᠷ ᠸᠢᠳᠢᠤ᠋ ᠶᠢᠨ ᠤᠷᠤᠯᠳᠤᠭᠠᠨ ᠤ ᠪᠦᠲᠦᠭᠡᠯ ᠡᠯᠰᠡᠬᠦ ᠠᠵᠢᠯ ᠨᠢᠭᠡᠨᠲᠡ ᠳᠠᠭᠤᠰᠪᠠ᠃ ᠲᠣᠰ ᠤᠳᠠᠭᠠᠨ ᠤ ᠡᠯᠰᠡᠬᠦ ᠠᠵᠢᠯᠯᠠᠭ᠎ᠠ ᠳᠤ ᠨᠡᠶᠢᠲᠡ 750 ᠭᠠᠷᠤᠢ ᠪᠦᠲᠦᠭᠡᠯ ᠬᠤᠷᠢᠶᠠᠨ ᠣᠯᠵᠤ᠂ ᠲᠢᠭ᠋ ᠲᠤᠭ᠂ ᠪᠤᠰᠢᠭᠤ ᠭᠠᠷ᠂ ᠸᠢᠴᠠᠲ ᠤᠨ ᠸᠢᠳᠢᠤ᠋᠂ ᠰᠢᠨ ᠯᠠᠩ ᠪᠢᠴᠢᠯ ᠪᠯᠤᠭ ᠵᠡᠷᠭᠡ 4 ᠲᠠᠪᠴᠠᠩ ᠤᠨ ᠶᠡᠷᠦᠩᠬᠡᠢ ᠶᠠᠷᠢᠶᠠᠨ ᠤ ᠰᠡᠳᠦᠪ 7428.2 ᠲᠦᠮᠡ ᠳᠤ ᠬᠦᠷᠴᠡᠢ᠃ ᠤᠷᠤᠯᠳᠤᠭᠠᠨ ᠤ ᠶᠠᠪᠤᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠰᠢᠯᠭᠠᠷᠠᠭᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠤᠨ ᠠᠩᠬᠠᠨ ᠤ ᠬᠢᠨᠠᠯᠲᠠ ᠶᠢ ᠪᠡᠶᠡᠯᠡᠭᠦᠯᠵᠦ᠂ ᠣᠲᠣ ᠰᠢᠯᠢᠭᠳᠡᠭᠰᠡᠨ 45 ᠪᠦᠲᠦᠭᠡᠯ ᠳᠤ ᠰᠦᠯᠵᠢᠶᠡᠨ ᠤ ᠪᠢᠯᠧᠲ ᠥᠭᠭᠦᠯᠲᠡ ᠶᠢ ᠬᠢᠵᠦ ᠪᠠᠶᠢᠨ᠎ᠠ᠃ ᠥᠨᠥᠳᠥᠷ ᠤᠨ ᠦᠳᠡ ᠶᠢᠨ ᠡᠮᠦᠨᠡᠬᠢ 9 ᠴᠠᠭ ᠠᠴᠠ ᠡᠬᠢᠯᠡᠨ᠂ ᠰᠦᠯᠵᠢᠶᠡᠨ ᠳᠡᠭᠡᠷᠡᠬᠢ ᠪᠢᠯᠧᠲ ᠥᠭᠬᠦ ᠵᠠᠮ ᠵᠢᠩᠬᠢᠨᠢ ᠪᠠᠷ ᠨᠡᠭᠡᠭᠡᠭᠳᠡᠪᠡ᠃ ᠪᠢᠯᠧᠲ ᠥᠭᠭᠦᠯᠲᠡ ᠨᠢ 2022 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ 9᠄ 00 ᠪᠣᠯᠲᠠᠯ᠎ᠠ ᠶᠠᠪᠤᠭᠳᠠᠨ᠎ᠠ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号