ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/5
     ᠪᠠᠶᠢᠭᠤᠯᠭ᠎ᠠ ᠶᠢᠨ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠱᠠᠭᠠᠷᠳᠠᠯᠭ᠎ᠠ ᠶᠣᠰᠣᠭᠠᠷ᠂ 11 ᠳ᠋ᠤᠭᠡᠷ ᠰᠠᠷ᠎ᠠ ᠶᠢᠨ 29 ᠤ ᠡᠳᠦᠷ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠤᠨ ᠬᠢᠴᠢᠶᠡᠯᠯᠡᠬᠦ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠳᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠱᠢ ᠭᠦᠸᠧ ᠶᠤᠸᠠᠨ ᠨᠥᠬᠦᠷ ᠲᠤᠰᠬᠠᠢ ᠰᠡᠳᠦᠪ ᠢᠶᠠᠷ ᠬᠢᠴᠢᠶᠡᠯ ᠣᠷᠣᠵᠤ᠂ ᠠᠶᠢᠮᠠᠭ ᠤᠨ ᠰᠣᠶᠣᠯ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠭ ᠤᠨ ᠪᠦᠷᠢᠯᠳᠦᠭᠦᠨ ᠵᠢᠴᠢ ᠪᠠᠶᠢᠭᠤᠯᠭ᠎ᠠ ᠶᠢᠨ ᠬᠢᠨ ᠪᠦᠭᠦᠳᠡᠭᠡᠷ ᠣᠷᠣᠯᠴᠠᠵᠠᠢ᠃    ᠲᠣᠰ ᠤᠳᠠᠭᠠᠨ ᠤ ︽ᠤᠳᠤᠷᠢᠳᠬᠤ ᠺᠠᠳ᠋ᠷᠴᠤᠳ ᠤᠨ ᠶᠠᠷᠢᠶᠠᠨ ᠤ ᠲᠠᠪᠴᠠᠩ ᠳᠤ ᠭᠠᠷᠬᠤ︾ ᠠᠵᠢᠯᠯᠠᠭ᠎ᠠ ᠨᠢ ᠪᠥᠬᠦ ᠪᠠᠶᠢᠭᠤᠯᠭ᠎ᠠ ᠶᠢᠨ ᠺᠠᠳ᠋ᠷᠴᠤᠳ ᠤᠨ ᠣᠨᠣᠯ ᠤᠨ ᠬᠢᠷᠢ ᠲᠦᠪᠰᠢᠨ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠷ ᠪᠠᠷᠠᠬᠤ ᠦᠭᠡᠢ᠂ ᠨᠠᠩ ᠴᠤ ᠤᠳᠤᠷᠢᠳᠤᠯᠭ᠎ᠠ ᠪᠣᠯᠣᠨ ᠺᠠᠳ᠋ᠷ ᠠᠵᠢᠯᠲᠠᠨ ᠠᠵᠢᠯᠴᠢᠨ ᠤ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠥᠷᠨᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠳᠤ ᠠᠰᠢᠭᠲᠠᠢ ᠶᠤᠮ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号