ᠬᠢᠩᠭᠠᠨ ᠳᠠᠪᠠᠭᠠᠨ ᠳᠡᠭᠡᠷ᠎ᠡ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠤᠨ ᠡᠭᠦᠳᠦᠯᠲᠡ ᠶᠢᠨ ᠵᠢᠷᠤᠭ ᠲᠥᠯᠥᠪᠯᠡᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2022/12/5
     ᠲᠦᠷᠦᠭᠦᠬᠡᠨ᠂ ᠬᠢᠩᠭᠠᠨ ᠳᠠᠪᠠᠭᠠᠨ ᠳᠡᠭᠡᠷ᠎ᠡ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠪᠤᠳᠠᠰ  ᠤᠨ ᠪᠤᠰᠤ ᠰᠤᠶᠤᠯ ᠤᠨ ᠦᠪ ᠤᠨ ᠰᠤᠶᠤᠯ ᠤᠨ ᠡᠭᠦᠳᠦᠯᠲᠡ  ᠶᠢᠨ ᠵᠢᠷᠤᠭ ᠲᠥᠯᠥᠪᠯᠡᠭᠡ ᠶᠢᠨ ᠤᠷᠤᠯᠳᠤᠭᠠᠨ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠢ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠢᠯᠤᠭᠤᠳᠴᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯᠯᠠᠨ ᠡᠷᠭᠢᠯᠡᠵᠦ᠂ ᠠᠩᠬᠠᠳᠤᠭᠠᠷ ᠬᠤᠭᠤᠴᠠᠭᠠᠨ ᠤ ᠬᠢᠩᠭᠠᠨ ᠳᠠᠪᠠᠭᠠᠨ ᠳᠡᠭᠡᠷ᠎ᠡ ᠬᠢᠩᠭᠠᠨ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠤᠨ ᠡᠭᠦᠳᠦᠯᠲᠡ ᠶᠢᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠳᠠᠭᠠᠭᠠᠴᠢᠯᠠᠨ ᠡᠷᠭᠢᠯᠡᠪᠡ᠃ ᠤᠷᠤᠯᠳᠤᠭᠠᠨ ᠨᠢ ᠪᠦᠬᠦ ᠤᠯᠤᠰ ᠤᠨ ᠡᠯ᠎ᠡ ᠭᠠᠵᠠᠷ ᠤᠨ ᠰᠣᠶᠣᠯ ᠤᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠬᠠᠷᠠᠭᠠᠯᠵᠠᠵᠤ᠂ ᠪᠦᠬᠦ ᠤᠯᠤᠰ ᠲᠤ ᠬᠠᠨᠳᠤᠭᠤᠯᠤᠨ ᠪᠦᠲᠦᠭᠡᠯ ᠡᠯᠰᠡᠨ ᠴᠤᠭᠯᠠᠭᠤᠯᠵᠤ  ᠂  ᠣᠷᠣᠨ ᠪᠦᠰᠡ ᠶᠢᠨ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠦᠭᠰᠡᠨ ᠰᠠᠭᠤᠷᠢᠨ ᠳᠡᠭᠡᠷ᠎ᠡ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠤᠨ ᠡᠭᠦᠳᠦᠯᠲᠡ  ᠶᠢᠨ ᠠᠵᠤ ᠦᠢᠯᠡᠰ ᠤᠨ ᠪᠦᠬᠦ ᠤᠯᠤᠰᠴᠢᠯᠠᠭᠰᠠᠨ ᠰᠣᠯᠢᠯᠴᠠᠭ᠎ᠠ ᠪᠠ ᠬᠥᠭᠵᠢᠯᠲᠡ ᠶᠢ ᠠᠬᠢᠭᠤᠯᠬᠤ ᠪᠠᠷ ᠵᠤᠷᠢᠪᠠ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号