ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ︽ᠠᠨᠳᠠᠢ ᠤᠷᠠᠯᠢᠭ ᠰᠣᠶᠣᠯ ᠤᠨ ᠰᠣᠩᠭᠤᠳᠠᠭ ᠪᠦᠲᠦᠭᠡᠯ ᠢ ᠴᠣᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠪᠤᠳᠤᠭ ᠨᠡᠮᠡᠷᠢᠯᠡᠪᠡ︾ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠤᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/12/5
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠤᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠡᠷᠡᠰ ᠢ ᠵᠠᠷᠯᠠᠨ ᠨᠡᠶᠢᠲᠡᠯᠡᠵᠦ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠮᠡᠳᠡᠭᠦᠯᠦᠨ ᠬᠦᠷᠭᠡᠭᠰᠡᠨ ︽ᠠᠨᠳᠠᠢ ᠤᠷᠠᠯᠢᠭ ᠰᠣᠶᠣᠯ ᠤᠨ ᠰᠣᠩᠭᠤᠳᠠᠭ ᠪᠦᠲᠦᠭᠡᠯ ᠢ ᠴᠤᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠪᠤᠳᠤᠭ  ᠨᠡᠮᠡᠷᠢᠯᠡᠪᠡ︾ ᠠᠮᠵᠢᠯᠲᠠ ᠲᠠᠢ ᠪᠠᠷ  ᠰᠤᠩᠭᠤᠭᠳᠠᠪᠠ᠃      ᠬᠦᠷᠢᠶ᠎ᠡ ᠬᠤᠰᠢᠭᠤ ᠪᠣᠯ ᠠᠨᠳᠠᠢ ᠪᠥᠵᠢᠭ ᠤᠨ ᠡᠬᠦᠰᠦᠭᠰᠡᠨ ᠭᠠᠵᠠᠷ ᠪᠣᠯᠣᠨ᠎ᠠ᠂ ᠠᠨᠳᠠᠢ ᠶᠢᠨ ᠰᠣᠶᠣᠯ  ᠬᠥᠭᠵᠢᠶᠡᠨ ᠲᠠᠢ ᠮᠥᠷᠲᠡᠭᠡᠨ ᠤᠳᠠᠭᠠᠨ ᠵᠢᠯ ᠨᠡᠷ᠎ᠡ ᠠᠯᠳᠠᠷᠰᠢᠭᠰᠠᠨ ︽ᠳᠤᠮᠳᠠᠳᠤ ᠤᠯᠤᠰ ᠤᠨ ᠠᠨᠳᠠᠢ ᠤᠷᠠᠯᠢᠭ ᠤᠨ ᠨᠤᠲᠤᠭ︾ ᠪᠣᠯᠣᠨ᠎ᠠ᠃ 2006 ᠣᠨ ᠳᠤ ᠠᠨᠳᠠᠢ ᠪᠥᠵᠢᠭ ᠨᠢ ᠤᠯᠤᠰ ᠤᠨ ᠠᠩᠬᠠᠨ ᠤ ᠪᠦᠯᠦᠭ ᠪᠣᠳᠠᠰ ᠤᠨ ᠪᠤᠰᠤ ᠰᠣᠶᠣᠯ ᠤᠨ ᠥᠪ ᠲᠤ ᠵᠢᠭᠰᠠᠭᠠᠭᠳᠠᠪᠠ᠃ ᠬᠦᠷᠢᠶ᠎ᠡ ᠬᠤᠰᠢᠭᠤᠨ ᠤ ᠲᠡᠦᠬᠡᠨ ᠮᠠᠲ᠋ᠧᠷᠢᠶᠠᠯ ᠳᠤ ᠲᠡᠮᠳᠡᠭᠯᠡᠭᠰᠡᠨ  ᠢᠶᠠᠷ᠂ ᠭᠠᠭᠴᠠ ᠲᠠᠯᠠᠪᠠᠶ ᠠᠨᠳᠠᠢ ᠬᠠᠮᠤᠭ ᠤᠨ ᠤᠷᠲᠤ ᠳᠤ ᠪᠠᠨ ᠳᠥᠴᠢ ᠭᠠᠷᠤᠢ ᠡᠳᠦᠷ ᠦᠷᠭᠦᠯᠵᠢᠯᠡᠵᠦ᠂  ᠬᠡᠪᠴᠢᠶ᠎ᠡ ᠪᠠᠷ ᠶᠡᠭᠡ᠂ ᠣᠷᠣᠯᠴᠠᠭᠰᠠᠨ ᠬᠥᠮᠥᠨ ᠤ ᠲᠤᠭ᠎ᠠ ᠪᠠᠷ ᠣᠯᠠᠨ ᠢᠶᠠᠷ ᠳᠤᠮᠳᠠᠳᠤ ᠤᠯᠤᠰ ᠤᠨ ᠠᠷᠠᠳ ᠤᠨ ᠪᠥᠵᠢᠭ ᠤᠨ ᠤᠬᠢ ᠰᠤᠳᠤ ᠨᠢ ᠭᠡᠵᠦ ᠪᠤᠯᠤᠨ᠎ᠠ᠃
 
ᠢᠷᠡᠯᠲᠡ᠄ ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号