《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠬᠤᠪᠢ ᠲᠣᠭᠲᠠᠭᠠᠬᠤ ᠨᠠᠷᠢᠨ ᠲᠦᠷᠢᠮ 》  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/13
     ᠥᠪᠡᠷᠲᠡᠭᠡᠨ ᠵᠠᠰᠠᠬᠤ ᠣᠷᠣᠨ ᠤ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ 》《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ  ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠬᠤᠪᠢ ᠲᠣᠭᠲᠠᠭᠠᠬᠤ ᠨᠠᠷᠢᠨ ᠳᠦᠷᠢᠮ 》 ᠢ ᠲᠤᠭᠤᠷᠪᠢᠪᠠ  ᠃ ᠤᠳᠤ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠶᠠᠭᠤᠨ ᠳᠤ 《 ᠪᠦᠲᠦᠭᠡᠨ ᠪᠠᠶᠢᠭᠤᠯᠤᠯᠲᠠ ᠶᠢᠨ ᠵᠦᠭᠯᠡᠭᠦᠷ 》 ᠵᠢᠴᠢ 《 ᠬᠤᠪᠢ ᠲᠣᠭᠲᠠᠭᠠᠬᠤ ᠨᠠᠷᠢᠨ ᠳᠦᠷᠢᠮ 》 ᠢ ᠲᠣᠭᠲᠠᠭᠠᠬᠤ ᠬᠡᠷᠡᠭᠲᠡᠶ ᠪᠤᠶ︖      ᠡᠨᠡ ᠵᠢᠯ ᠤᠨ 7 ᠳ᠋ᠤᠭᠠᠷ ᠰᠠᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠮᠡᠳᠡᠭᠳᠡᠯ ᠪᠠᠭᠤᠯᠭᠠᠵᠤ᠂ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠮᠠᠨ ᠤ ᠣᠷᠣᠨ ᠤ ᠬᠥᠬᠡᠬᠤᠲᠠ ᠶᠢᠨ  ᠪᠤᠭᠤᠮᠲᠠ ᠶᠢᠨ ᠭᠠᠲᠠᠨᠠᠬᠢ ᠬᠠᠭᠤᠴᠢᠨ ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠣᠷᠳᠣᠰ ᠬᠤᠲᠠ  ᠶᠢᠨ ᠬᠢᠶ᠎ᠠ ᠪᠠᠭᠰᠢ ᠤᠯᠠᠭᠠᠨᠮᠦ᠋ᠷᠡᠨ ᠰᠣᠶᠣᠯ ᠪᠠ ᠵᠢᠭᠤᠯᠴᠢᠯᠠᠯ ᠤᠨ ᠵᠡᠭᠡᠯᠢ ᠲᠣᠭᠤᠷᠢᠭ᠂ ᠮᠠᠨᠵᠤᠤᠷ ᠬᠤᠲᠠ ᠶᠢᠨ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ ᠤ ᠬᠡᠦᠬᠡᠯᠳᠡᠶ ᠶᠢᠨ ᠦᠵᠡᠮᠵᠢ ᠶᠢᠨ ᠣᠷᠣᠨ ᠨᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠤᠷᠤᠨ ᠳᠤ ᠠᠮᠵᠢᠯᠲᠠ ᠲᠠᠢ ᠰᠣᠩᠭᠤᠭᠳᠠᠪᠠ  ᠃ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠪᠠᠰᠠ ᠨᠢᠭᠡ ᠪᠦᠯᠦᠭ ᠰᠣᠶᠣᠯ ᠪᠠ ᠵᠢᠭᠤᠯᠴᠢᠯᠠᠯ ᠤᠨ ᠦᠶᠯᠡᠰ ᠤᠨ ᠡᠵᠡᠩᠨᠡᠯᠲᠡ ᠶᠢᠨ ᠬᠡᠯᠪᠡᠷᠢ ᠨᠢ ᠲᠦᠪᠯᠡᠷᠡᠭᠰᠡᠨ᠂ ᠣᠯᠠᠨ ᠨᠡᠶᠢᠲᠡ ᠶᠢᠨ ᠦᠶᠯᠡᠴᠢᠯᠡᠭᠡ ᠨᠢ ᠲᠡᠭᠦᠯᠳᠡᠷ᠂ ᠲᠥᠷᠥᠯ ᠲᠡᠮᠳᠡᠭ ᠤᠨ ᠠᠯᠳᠠᠷᠰᠢᠯ ᠨᠢ ᠥᠨᠳᠥᠷ᠂ ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠵᠢᠷᠤᠮᠵᠢᠯ ᠲᠠᠢ᠂ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠨᠢ ᠰᠠᠶᠢᠨ ᠪᠠᠶᠢᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ  ᠃ ᠰᠢᠯᠭᠠᠷᠠᠭᠤᠯᠤᠯᠲᠠ ᠶᠢ ᠵᠢᠷᠤᠮᠵᠢᠭᠤᠨ᠂ ᠲᠥᠪ ᠭᠤᠤᠯᠴᠢ ᠪᠠᠶᠢᠯᠭᠠᠬᠤ ᠶᠢᠨ ᠲᠥᠯᠥᠭᠡ᠂ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》᠂《 ᠬᠤᠪᠢ ᠲᠣᠭᠲᠠᠭᠠᠬᠤ ᠨᠠᠷᠢᠨ ᠲᠦᠷᠢᠮ 》 ᠢ ᠲᠣᠭᠲᠠᠭᠠᠬᠤ ᠨᠢ ᠲᠤᠶᠢᠯ ᠤᠨ ᠴᠢᠬᠤᠯᠠ ᠶᠤᠮ  ᠃      ᠬᠤᠶᠠᠷ᠂ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ᠵᠢᠴᠢ 《 ᠬᠤᠪᠢ ᠲᠣᠭᠲᠠᠭᠠᠬᠤ ᠨᠠᠷᠢᠨ ᠲᠦᠷᠢᠮ 》 ᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠨᠢ ᠶᠠᠭᠤ ᠪᠣᠶ︖      《 ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ 》᠂ 《 ᠠᠩᠬᠠᠳᠠᠭᠴᠢ ᠪᠦᠯᠦᠭ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠶ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ 》᠂ ᠮᠠᠨ ᠤ ᠣᠷᠣᠨ ᠤ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ᠪᠠ 《 ᠬᠤᠪᠢ ᠲᠣᠭᠲᠠᠭᠠᠬᠤ ᠨᠠᠷᠢᠨ ᠲᠦᠷᠢᠮ 》 ᠢ ᠨᠠᠶᠢᠷᠠᠭᠤᠯᠤᠨ ᠵᠤᠬᠢᠶᠠᠪᠠ  ᠃      ᠭᠤᠷᠪᠠ᠂ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ᠵᠢᠴᠢ 《 ᠬᠤᠪᠢ ᠲᠣᠭᠲᠠᠭᠠᠬᠤ ᠨᠠᠷᠢᠨ ᠲᠦᠷᠢᠮ 》 ᠢ ᠶᠠᠮᠠᠷ ᠵᠢᠷᠤᠮ ᠢᠶᠠᠷ ᠳᠡᠮᠵᠢᠨ ᠲᠣᠭᠲᠠᠭᠠᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠣᠶᠣᠯ ᠵᠢᠭᠤᠯᠴᠢᠯᠠᠯ ᠤᠨ ᠶᠠᠮᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ  ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ  ᠶᠢᠨ ᠵᠦᠭᠯᠡᠭᠦᠷ 》 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠬᠤᠪᠢ ᠲᠣᠭᠲᠠᠭᠠᠬᠤ ᠨᠠᠷᠢᠨ ᠲᠦᠷᠢᠮ 》 ᠢ ᠲᠤᠭᠤᠷᠪᠢᠨ᠂ 2021 ᠣᠨ ᠤ 10 ᠳ᠋ᠤᠭᠠᠷ ᠰᠠᠷ᠎ᠠ ᠶᠢᠨ 27 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠤ ᠰᠦᠯᠵᠢᠶᠡᠨ ᠳᠡᠭᠡᠷ᠎ᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠵᠠᠬᠢᠳᠠᠯ  ᠢᠯᠡᠭᠡᠵᠦ ᠰᠠᠨᠠᠯ ᠬᠤᠷᠢᠶᠠᠪᠠ᠃ 11 ᠳ᠋ᠦ᠋ᠭᠡᠷ ᠰᠠᠷ᠎ᠠ ᠶᠢᠨ 23 ᠤ ᠡᠳᠦᠷ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》᠂ 《 ᠬᠤᠪᠢ ᠲᠣᠭᠲᠠᠭᠠᠬᠤ ᠨᠠᠷᠢᠨ ᠲᠦᠷᠢᠮ 》 ᠢ ᠨᠠᠶᠢᠷᠠᠭᠤᠯᠤᠨ ᠵᠣᠬᠢᠶᠠᠬᠤ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠠᠴᠠ ᠰᠠᠨᠠᠯ ᠬᠤᠷᠢᠶᠠᠪᠠ  ᠃ ᠬᠠᠷᠢᠭᠤ ᠲᠤᠰᠬᠠᠭᠰᠠᠨ ᠰᠠᠨᠠᠯ  ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ᠵᠢᠴᠢ 《 ᠬᠤᠪᠢ ᠲᠣᠭᠲᠠᠭᠠᠬᠤ ᠨᠠᠷᠢᠨ ᠲᠦᠷᠢᠮ 》 ᠳᠤ ᠵᠣᠬᠢᠬᠤ ᠵᠠᠰᠠᠪᠤᠷᠢ ᠣᠷᠣᠭᠤᠯᠵᠤ᠂ ᠡᠴᠦᠰ ᠲᠤ ᠪᠠᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ( ᠬᠢᠨᠠᠭᠤᠯᠬᠤ ᠨᠣᠤᠷᠠᠭ )᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠬᠤᠪᠢ ᠲᠣᠭᠲᠠᠭᠠᠬᠤ ᠨᠠᠷᠢᠨ ᠲᠦᠷᠢᠮ 》 ( ᠬᠢᠨᠠᠭᠤᠯᠬᠤ ᠨᠣᠤᠷᠠᠭ ) ᠢ ᠪᠦᠷᠢᠯᠳᠦᠭᠦᠯᠪᠡ  ᠃ ᠥᠪᠥᠷ ᠮᠣᠩᠭᠤᠯ ᠤᠨ ᠮᠧᠩ ᠶᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ  ᠤᠨ ᠭᠠᠵᠠᠷ ᠤᠨ ᠬᠢ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠠᠳ᠂ 《 ᠬᠡᠷᠡᠭᠵᠢᠭᠦᠯᠬᠦ ᠨᠠᠷᠢᠨ ᠲᠦᠷᠢᠮ 》  ᠢ ᠲᠣᠭᠲᠠᠭᠠᠬᠤ ᠪᠡᠶᠡᠴᠢ ᠴᠣᠭᠴᠠ᠂ ᠦᠨᠳᠦᠰᠦᠯᠡᠯ᠂ ᠡᠷᠬᠡ ᠶᠢᠨ ᠬᠡᠪᠴᠢᠶ᠎ᠡ᠂ ᠭᠤᠤᠯ ᠠᠭᠤᠯᠭ᠎ᠠ ᠨᠢ ᠬᠠᠤᠯᠢ ᠳᠤ ᠨᠡᠶᠢᠴᠡᠨ᠎ᠡ ᠭᠡᠵᠦ ᠦᠵᠡᠪᠡ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ 12 ᠳ᠋ᠤᠭᠠᠷ ᠰᠠᠷ᠎ᠠ ᠶᠢᠨ 8 ᠤ ᠡᠳᠦᠷ ᠤᠨ 49 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠰᠤᠳᠤᠯᠤᠨ ᠵᠥᠪᠰᠢᠶᠡᠷᠡᠵᠦ᠂ 12 ᠳ᠋ᠤᠭᠠᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ  ᠃      ᠳᠥᠷᠪᠡ᠂ 《 ᠪᠥᠲᠥᠭᠡᠨ ᠪᠠᠶᠢᠭᠤᠯᠤᠯᠲᠠ ᠶᠢᠨ ᠵᠦᠭᠯᠡᠭᠦᠷ 》 ᠵᠢᠴᠢ 《 ᠬᠤᠪᠢ ᠲᠣᠭᠲᠠᠭᠠᠬᠤ ᠨᠠᠷᠢᠨ ᠲᠦᠷᠢᠮ 》 ᠤᠨ ᠭᠤᠤᠯ ᠠᠭᠤᠯᠭ᠎ᠠ ᠨᠢ ᠶᠠᠭᠤ ᠪᠣᠶ︖      《 ᠪᠦᠲᠦᠭᠡᠨ ᠪᠠᠶᠢᠭᠤᠯᠤᠯᠲᠠ ᠶᠢᠨ ᠵᠦᠭᠯᠡᠭᠦᠷ 》 ᠪᠠ 《 ᠬᠤᠪᠢ ᠲᠣᠭᠲᠠᠭᠠᠬᠤ ᠨᠠᠷᠢᠨ ᠳᠦᠷᠢᠮ 》  ᠤᠨ ᠠᠭᠤᠯᠭ᠎ᠠ ᠨᠢ ᠬᠠᠷᠢᠯᠴᠠᠨ ᠵᠣᠬᠢᠴᠠᠯᠳᠤᠨ ᠨᠢᠭᠡᠳᠦᠯᠲᠡᠶ ᠪᠠᠶᠢᠵᠤ᠂ 《 ᠪᠦᠲᠦᠭᠡᠨ ᠪᠠᠶᠢᠭᠤᠯᠤᠯᠲᠠ ᠶᠢᠨ ᠵᠦᠭᠯᠡᠭᠦᠷ 》 ᠢᠶᠠᠷ ᠬᠠᠷᠠᠯᠲᠠ ᠶᠢᠨ ᠴᠢᠨᠠᠷᠲᠠᠶ ᠳᠦᠷᠰᠦᠯᠡᠯ ᠪᠣᠯᠭᠠᠵᠤ᠂ 《 ᠬᠤᠪᠢ ᠲᠣᠭᠲᠠᠭᠠᠬᠤ ᠨᠠᠷᠢᠨ ᠳᠦᠷᠢᠮ 》 ᠢᠶᠠᠷ ᠪᠣᠳᠠᠲᠠᠶ ᠲᠤᠭ᠎ᠠ ᠬᠡᠮᠵᠢᠭᠳᠡᠯ ᠢ ᠮᠠᠭᠠᠳᠯᠠᠬᠤ ᠦᠨᠳᠦᠰᠦᠯᠡᠯ ᠪᠠ ᠬᠤᠪᠢ ᠣᠯᠭᠤᠬᠤ ᠪᠠᠷᠢᠮᠵᠢᠶ᠎ᠠ ᠪᠣᠯᠭᠠᠨ᠎ᠠ  ᠃ 《 ᠬᠤᠪᠢ ᠲᠣᠭᠲᠠᠭᠠᠬᠤ ᠨᠠᠷᠢᠨ ᠲᠦᠷᠢᠮ 》 ᠳᠤ ᠨᠡᠶᠢᠲᠡ 30 ᠭᠦᠶᠴᠡᠳᠬᠡᠯ ᠲᠤᠭ᠎ᠠ ᠲᠣᠬᠢᠷᠠᠭᠤᠯᠪᠠ᠂ ᠶᠡᠷᠦᠩᠬᠡᠶ ᠬᠤᠪᠢ ᠨᠢ 100 ᠬᠤᠪᠢ᠂  ︽ᠤᠯᠤᠰ ᠲᠥᠷᠥ ᠶᠢᠨ ᠤᠳᠤᠷᠢᠳᠤᠮᠵᠢ  ᠂ ᠰᠣᠶᠣᠯ ᠤᠨ ᠴᠢᠭᠯᠡᠯ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ︾ ᠵᠡᠷᠭᠡ 《 ᠨᠢᠭᠡ ᠪᠢᠯᠧᠲ ᠢᠶᠠᠷ ᠦᠭᠡᠶᠢᠰᠬᠡᠬᠦ 》1 ᠭᠦᠶᠴᠡᠳᠬᠡᠯ ᠲᠤᠭ᠎ᠠ᠂ ᠴᠤᠭᠯᠠᠷᠠᠯ ᠲᠣᠭᠤᠷᠢᠭ ᠤᠨ ᠭᠤᠶᠤᠴᠢᠯᠠᠨ ᠮᠡᠳᠡᠭᠦᠯᠬᠦ ᠪᠡᠶᠡᠴᠢ ᠴᠣᠭᠴᠠ ᠦᠵᠡᠯ ᠤᠬᠠᠮᠰᠠᠷ  ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ ᠴᠢᠳᠠᠭᠰᠠᠨ ᠦᠭᠡᠢ᠂ ᠣᠷᠣᠨ ᠤ ᠳᠣᠲᠣᠷᠠᠬᠢ ᠠᠵᠤ ᠠᠬᠤᠶᠢᠯᠠᠯ ᠪᠤᠶᠤ ᠬᠤᠳᠠᠯᠳᠤᠭᠠᠨ ᠤ ᠡᠷᠦᠬᠡ ᠴᠤᠭᠯᠠᠷᠠᠵᠤ ᠠᠵᠢᠯᠯᠠᠭ᠎ᠠ᠂ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ᠂ ᠤᠬᠠᠭᠤᠯᠭ᠎ᠠ ᠶᠠᠷᠢᠶ᠎ᠠ ᠬᠡᠯᠡᠯᠴᠡᠭᠡ ᠵᠡᠷᠭᠡ ᠲᠠᠯ᠎ᠠ ᠪᠠᠷ ᠬᠦᠨᠳᠦ ᠨᠣᠴᠢᠲᠠᠶ ᠤᠯᠤᠰ ᠲᠥᠷᠥ ᠶᠢᠨ ᠤᠳᠤᠷᠢᠳᠤᠮᠵᠢ  ᠂ ᠥᠷᠲᠡᠭ ᠤᠨ ᠬᠠᠨᠳᠤᠰᠢ ᠪᠠ ᠶᠠᠷᠢᠶ᠎ᠠ ᠬᠡᠯᠡᠯᠴᠡᠭᠡᠨ ᠤ ᠴᠢᠭᠯᠡᠯ  ᠤᠨ ᠪᠤᠷᠤᠭᠤ᠂ ᠡᠰᠡᠬᠦᠯ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠤᠬᠢᠷᠠᠭᠤᠯᠬᠤ ᠦᠢᠯᠡ ᠠᠵᠢᠯᠯᠠᠭ᠎ᠠ ᠭᠠᠷᠤᠭᠰᠠᠨ᠂ ᠲᠥᠪᠯᠡᠷᠡᠭᠰᠡᠨ ᠣᠷᠣᠨ ᠳᠤ ᠨᠡᠯᠢᠶᠡᠳ ᠶᠡᠭᠡ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠤᠶᠤ ᠣᠷᠴᠢᠨ ᠲᠣᠭᠤᠷᠢᠨ ᠤ ᠪᠣᠬᠢᠷᠲᠤᠯ ᠤᠨ ᠠᠳᠡᠯ ᠭᠠᠷᠤᠭᠰᠠᠨ ᠪᠠᠶᠢᠳᠠᠯ ᠳᠤ᠂ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ  ᠃ ᠪᠤᠰᠤᠳ 29 ᠭᠦᠶᠴᠡᠳᠬᠡᠯ ᠲᠤᠭ᠎ᠠ ᠨᠢ ᠬᠤᠪᠢ ᠤᠯᠬᠤ ᠭᠦᠶᠴᠡᠳᠬᠡᠯ ᠲᠤᠭ᠎ᠠ ᠪᠠᠶᠢᠵᠤ᠂ ᠲᠣᠰ ᠲᠣᠰ 《 ᠦᠨᠳᠦᠰᠦᠨ ᠨᠥᠬᠦᠴᠡᠯ 》᠂ 《 ᠲᠥᠪᠯᠡᠷᠡᠭᠰᠡᠨ ᠣᠷᠣᠨ ᠤ ᠰᠣᠶᠣᠯ ᠪᠠ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠲᠥᠯᠥᠪ 》᠂ 《 ᠲᠥᠪᠯᠡᠷᠡᠭᠰᠡᠨ ᠣᠷᠣᠨ  ᠤ ᠣᠯᠠᠨ ᠨᠡᠶᠢᠲᠡ ᠶᠢᠨ ᠦᠶᠯᠡᠴᠢᠯᠡᠭᠡ 》᠂ 《  ᠲᠥᠪᠯᠡᠷᠡᠭᠰᠡᠨ ᠣᠷᠣᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ 》᠂ 《 ᠲᠥᠪᠯᠡᠷᠡᠭᠰᠡᠨ ᠣᠷᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ 》᠂ 《 ᠲᠥᠪᠯᠡᠷᠡᠭᠰᠡᠨ ᠣᠷᠣᠨ ᠤ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤ ᠳᠡᠮᠵᠢᠯᠭᠡ 》 ᠵᠡᠷᠭᠡ 6 ᠲᠠᠯ᠎ᠠ ᠪᠠᠷ ᠦᠨᠡᠯᠡᠯᠲᠡ ᠬᠢᠨ᠎ᠠ  ᠃ ᠡᠭᠦᠨ ᠳᠤ 《 ᠦᠨᠳᠦᠰᠦᠨ ᠨᠥᠬᠦᠴᠡᠯ 》 ᠤᠨ ᠭᠤᠤᠯ ᠦᠨᠡᠯᠡᠯᠲᠡ ᠨᠢ ᠲᠥᠪᠯᠡᠷᠡᠭᠰᠡᠨ ᠣᠷᠣᠨ ᠢ ᠮᠡᠳᠡᠭᠦᠯᠬᠦ ᠦᠨᠳᠦᠰᠦᠨ ᠵᠠᠷᠴᠢᠮ ᠪᠠ ᠱᠠᠭᠠᠷᠳᠠᠯᠭ᠎ᠠ ᠶᠢ ᠲᠤᠰᠬᠠᠨ᠎ᠠ᠂ 《 ᠲᠥᠪᠯᠡᠷᠡᠭᠰᠡᠨ ᠣᠷᠣᠨ ᠤ ᠰᠣᠶᠣᠯ ᠪᠠ ᠵᠢᠭᠤᠯᠴᠢᠯᠠᠯ  ᠤᠨ ᠡᠵᠡᠩᠨᠡᠯᠲᠡ ᠶᠢᠨ ᠬᠡᠯᠪᠡᠷᠢ ᠪᠠᠶᠢᠳᠠᠯ 》 ᠨᠢ ᠭᠤᠤᠯᠳᠠᠭᠤ ᠴᠤᠭᠯᠠᠷᠠᠯ ᠤᠨ ᠣᠷᠣᠨ ᠤ ᠰᠣᠶᠣᠯ ᠵᠢᠭᠤᠯᠴᠢᠯᠠᠯ  ᠤᠨ ᠡᠬᠢ ᠪᠠᠶᠠᠯᠢᠭ᠂ ᠣᠷᠣᠨ ᠨᠤᠲᠤᠭ ᠤᠨ ᠰᠣᠶᠣᠯ ᠤᠨ ᠣᠨᠴᠠᠯᠢᠭ᠂ ᠰᠣᠶᠣᠯ ᠵᠢᠭᠤᠯᠴᠢᠯᠠᠯ ᠤᠨ ᠦᠶᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ᠂ ᠰᠥᠨᠢ ᠶᠢᠨ ᠨᠡᠭᠡᠭᠡᠯᠲᠡ ᠪᠠ ᠬᠡᠷᠡᠭᠯᠡᠭᠡᠨ  ᠤ ᠬᠡᠮᠵᠢᠶ᠎ᠡ ᠵᠡᠷᠭᠡ ᠪᠠᠶᠢᠳᠠᠯ ᠢ ᠦᠨᠡᠯᠡᠨ᠎ᠡ᠂ 《 ᠲᠥᠪᠯᠡᠷᠡᠭᠰᠡᠨ ᠣᠷᠣᠨ ᠤ ᠣᠯᠠᠨ ᠨᠡᠶᠢᠲᠡ ᠶᠢᠨ ᠦᠶᠯᠡᠴᠢᠯᠡᠭᠡ 》 ᠨᠢ ᠭᠤᠤᠯᠳᠠᠭᠤ ᠲᠥᠪᠯᠡᠷᠡᠭᠰᠡᠨ ᠣᠷᠣᠨ ᠤ ᠳᠣᠲᠣᠷᠠᠬᠢ ᠰᠠᠭᠤᠷᠢ ᠲᠦᠭᠦᠭᠡᠷᠦᠮᠵᠢ ᠪᠠ ᠡᠷᠬᠢᠨ ᠲᠣᠭᠤᠷᠢᠨ ᠤ ᠣᠯᠠᠨ ᠨᠡᠶᠢᠲᠡ ᠶᠢᠨ ᠦᠶᠯᠡᠴᠢᠯᠡᠭᠡ ᠶᠢᠨ ᠪᠠᠶᠢᠳᠠᠯ ᠢ ᠦᠨᠡᠯᠡᠨ᠎ᠡ᠂ 《  ᠲᠥᠪᠯᠡᠷᠡᠭᠰᠡᠨ ᠣᠷᠣᠨ ᠤ ᠲᠦᠷᠦᠯ ᠲᠡᠮᠳᠡᠭ ᠤᠨ ᠠᠯᠳᠠᠷᠰᠢᠯ 》 ᠳᠤ ᠭᠤᠣᠯᠳᠠᠭᠤ  ᠲᠥᠪᠯᠡᠷᠡᠭᠰᠡᠨ ᠣᠷᠣᠨ ᠤ ᠲᠦᠷᠦᠯ ᠲᠡᠮᠳᠡᠭ ᠤᠨ ᠠᠯᠳᠠᠷᠰᠢᠯ ᠪᠣᠯᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢᠨ ᠪᠠᠶᠢᠳᠠᠯ ᠳᠤ ᠦᠨᠡᠯᠡᠯᠲᠡ ᠬᠢᠨ᠎ᠡ᠂ 《 ᠲᠥᠪᠯᠡᠷᠡᠭᠰᠡᠨ ᠣᠷᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ 》 ᠨᠢ ᠭᠤᠣᠯᠳᠠᠭᠤ ᠲᠥᠪᠯᠡᠷᠡᠭᠰᠡᠨ ᠣᠷᠣᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠪᠣᠯᠤᠨ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠢ ᠦᠨᠡᠯᠡᠨ᠎ᠡ᠂ 《 ᠲᠥᠪᠯᠡᠷᠡᠭᠰᠡᠨ ᠣᠷᠣᠨ ᠤ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤ ᠳᠡᠮᠵᠢᠯᠭᠡ 》 ᠶᠢᠨ ᠮᠡᠳᠡᠭᠦᠯᠬᠦ ᠭᠤᠤᠯ ᠴᠣᠭᠴᠠ ᠶᠢᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠠᠵᠢᠯ ᠢ ᠴᠢᠬᠤᠯᠠᠴᠢᠯᠠᠭᠰᠠᠨ ᠬᠡᠮᠵᠢᠶ᠎ᠡ ᠪᠠ ᠳᠡᠮᠵᠢᠭᠰᠡᠨ ᠪᠠᠶᠢᠳᠠᠯ ᠢ ᠭᠤᠤᠯᠯᠠᠨ ᠦᠨᠡᠯᠡᠨ᠎ᠡ  ᠃      ᠲᠠᠪᠤ᠂ ᠬᠢᠨᠠᠨ ᠲᠣᠭᠲᠠᠭᠠᠬᠤ ᠬᠢᠷᠢ ᠲᠡᠩᠴᠡᠭᠦ ᠬᠤᠪᠢ ᠶᠢᠨ ᠱᠤᠭᠤᠮ ᠨᠢ ᠬᠡᠳᠦᠶ ᠪᠣᠶ︖      ᠦᠨᠡᠯᠡᠨ ᠲᠣᠭᠲᠠᠭᠠᠬᠤ ᠶᠠᠪᠤᠴᠠ ᠳᠤ᠂ ᠦᠨᠡᠯᠡᠨ ᠲᠣᠭᠲᠠᠭᠠᠬᠤ ᠬᠤᠪᠢ ᠨᠢ 60 ᠬᠤᠪᠢ ᠠᠴᠠ ᠳᠡᠭᠡᠭᠰᠢ ᠲᠥᠪᠯᠡᠷᠡᠭᠰᠡᠨ ᠣᠷᠣᠨ ᠢ 《 ᠬᠢᠷᠢ ᠲᠡᠩᠴᠡᠭᠰᠡᠨ 》 ᠢᠶᠠᠷ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ  ᠢᠶᠠᠷ ᠨᠡᠷᠡᠶᠢᠳᠴᠦ ᠪᠣᠯᠤᠨ᠎ᠠ᠃ ᠬᠢᠨᠠᠨ ᠲᠣᠭᠲᠠᠭᠠᠬᠤ ᠬᠤᠪᠢ ᠨᠢ 60 ᠬᠤᠪᠢ ᠠᠴᠠ ᠳᠣᠷᠣᠭᠰᠢ ᠲᠥᠪᠯᠡᠷᠡᠭᠰᠡᠨ ᠣᠷᠣᠨ ᠢ 《 ᠬᠢᠷᠢ ᠲᠡᠩᠴᠡᠬᠦ ᠦᠭᠡᠶ 》 ᠪᠠᠷ ᠲᠣᠭᠲᠠᠭᠠᠵᠤ᠂ 《 ᠨᠢᠭᠡ ᠪᠢᠯᠧᠲ ᠢᠶᠠᠷ ᠦᠭᠡᠶᠢᠰᠬᠡᠬᠦ 》 ᠭᠦᠢᠴᠡᠳᠬᠡᠬᠦ ᠲᠤᠭ᠎ᠠ ᠳᠡᠭᠡᠷ᠎ᠡ ᠠᠰᠠᠭᠤᠳᠠᠯ ᠭᠠᠷᠪᠠᠯ ᠴᠥᠮ 《 ᠬᠢᠷᠢ ᠲᠡᠩᠴᠡᠬᠦ ᠦᠭᠡᠶ 》 ᠪᠠᠷ ᠲᠣᠭᠲᠠᠭᠠᠬᠤ ᠬᠡᠷᠡᠭᠲᠡᠶ  ᠃      ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢᠶᠠᠷ ᠦᠨᠡᠯᠡᠭᠳᠡᠭᠰᠡᠨ ᠨᠢᠭᠡᠴᠢ ᠳᠤ ᠶᠠᠮᠠᠷ ᠱᠠᠩᠨᠠᠬᠤ ᠲᠥᠷᠥ ᠶᠢᠨ ᠪᠣᠳᠣᠯᠭ᠎ᠠ ᠪᠠᠶᠢᠬᠤ ᠪᠣᠶ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ  ᠤᠨ ᠬᠡᠷᠡᠭᠯᠡᠭᠡ ᠲᠥᠪᠯᠡᠷᠡᠭᠰᠡᠨ ᠣᠷᠣᠨ ᠢᠶᠠᠷ ᠨᠡᠷᠡᠶᠢᠳᠦᠭᠰᠡᠨ ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ᠂ ᠪᠠᠯᠠ ᠮᠥᠩᠭᠦ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢ ᠤᠷᠢᠳ ᠢᠶᠠᠷ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢᠶᠠᠷ ᠲᠡᠪᠰᠢᠭᠦᠯᠦᠨ ᠮᠡᠲᠡᠭᠦᠯᠦᠨ᠎ᠡ᠃      ᠳᠣᠯᠤᠭ᠎ᠠ᠂ ᠨᠡᠷᠡᠰ ᠤᠨ ᠲᠠᠶᠢᠯᠪᠤᠷᠢ      ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠄ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠭᠡᠳᠡᠭ ᠨᠢ ᠣᠨᠴᠠᠯᠢᠭᠲᠤ ᠰᠣᠶᠣᠯ ᠤᠨ ᠵᠡᠭᠡᠯᠢ ᠲᠣᠭᠤᠷᠢᠭ᠂ ᠰᠣᠶᠣᠯ ᠪᠡᠶ᠎ᠡ ᠶᠢᠨ ᠲᠠᠮᠢᠷ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠤᠭᠴᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠤᠶᠤ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ ᠣᠷᠣᠨ ᠪᠦᠰᠡ ᠶᠢᠨ ᠣᠷᠣᠨ ᠵᠠᠶ ᠳᠤ ᠲᠦᠰᠢᠭᠯᠡᠨ᠂ ᠰᠣᠶᠣᠯ ᠤᠨ ᠲᠠᠯᠠᠪᠤᠷ ᠣᠷᠳᠣᠨ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠮᠦᠽᠧᠶ᠂ ᠨᠣᠮ ᠤᠨ ᠳᠡᠯᠭᠡᠭᠦᠷ᠂ ᠲᠢᠶᠠᠲᠷ ᠺᠢᠨᠣ᠋ ᠶᠢᠨ ᠣᠷᠳᠣᠨ᠂ ᠢᠳᠡᠭᠡᠨ ᠤᠮᠳᠠᠭᠠᠨ᠂ ᠪᠠᠭᠤᠳᠠᠯ ᠵᠡᠷᠭᠡ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ ᠬᠤᠳᠠᠯᠳᠤᠭ᠎ᠠ ᠶᠢᠨ ᠡᠬᠢ ᠪᠠᠶᠠᠯᠢᠭ ᠢ ᠣᠷᠭᠠᠨᠢᠭ ᠢᠶᠠᠷ ᠬᠠᠮᠲᠤᠷᠠᠨ ᠬᠥᠳᠡᠯᠦᠯᠴᠡᠬᠦ᠂ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠵᠦ᠂ ᠰᠥᠨᠢ ( 18 ᠴᠠᠭ ᠠᠴᠠ ᠳᠠᠷᠠᠭ᠎ᠠ ᠡᠳᠦᠷ ᠤᠨ ᠬᠢ ᠨᠢ 6 ᠴᠠᠭ ᠬᠦᠷᠲᠡᠯ᠎ᠡ ) ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠨ ᠲᠠᠢ ᠪᠣᠯᠭᠠᠬᠤ ᠣᠷᠣᠨ ᠪᠦᠰᠡ ᠶᠢ ᠵᠢᠭᠠᠵᠤ ᠪᠤᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号