《〈 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ 〉 ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ 》 ᠤᠨ ᠲᠥᠷᠥ ᠶᠢᠨ ᠪᠣᠳᠣᠯᠭ᠎ᠠ  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/20
     ᠣᠶᠢᠷ᠎ᠠ ᠳᠤ᠂ ᠰᠣᠶᠣᠯ  ᠪᠠ ᠵᠢᠭᠤᠯᠴᠢᠯᠠᠯ ᠤᠨ ᠶᠠᠮᠤᠨ 《 〈 ᠡᠵᠡᠩᠨᠡᠯᠲᠡ ᠶᠢᠨ ᠴᠢᠨᠠᠷᠲᠠᠶ ᠲᠣᠭᠯᠠᠯᠲᠠ  ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ 〉 ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ 》 ᠢ ᠳᠠᠷᠤᠮᠠᠯᠯᠠᠨ ᠲᠠᠷᠬᠠᠭᠠᠵᠤ᠂ 《 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ  ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ 》 ( ᠳᠣᠷᠣᠭᠰᠢ 《 ᠨᠠᠷᠢᠨ ᠲᠦᠷᠢᠮ 》 ᠭᠡᠵᠦ ᠲᠣᠪᠴᠢᠯᠠᠨ᠎ᠠ ) ᠤᠨ ᠬᠡᠰᠡᠭ ᠵᠤᠷᠪᠤᠰ ᠲᠤ ᠵᠠᠰᠠᠪᠤᠷᠢ ᠣᠷᠣᠭᠤᠯᠪᠠ  ᠃     ᠨᠢᠭᠡ᠂《 ᠨᠠᠷᠢᠨ ᠲᠦᠷᠢᠮ 》 ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠨᠢ ᠶᠠᠭᠤ ᠪᠣᠶ︖      ᠣᠲᠣ ᠶᠢᠨ ᠬᠡᠷᠡᠭᠵᠢᠭᠦᠯᠵᠦ ᠪᠠᠶᠢᠭ᠎ᠠ 《 ᠨᠠᠷᠢᠨ ᠲᠦᠷᠢᠮ 》 ᠪᠣᠯ 《 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ 》 ᠢ  ᠲᠤᠭᠤᠰᠢᠯᠠᠭᠤᠯᠬᠤ ᠶᠢᠨ ᠲᠥᠯᠥᠭᠡ ᠲᠣᠭᠲᠠᠭᠠᠭᠰᠠᠨ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠪᠣᠯᠤᠨ᠎ᠠ᠂ 2009 ᠣᠨ ᠠᠴᠠ ᠡᠬᠢᠯᠡᠨ ᠬᠡᠷᠡᠭᠵᠢᠭᠦᠯᠵᠦ᠂ 2017 ᠣᠨ ᠳᠤ ᠬᠡᠰᠡᠭ ᠵᠠᠰᠠᠪᠤᠷᠢ ᠣᠷᠣᠭᠤᠯᠵᠠᠶ  ᠃ 《 ᠨᠠᠷᠢᠨ ᠳᠦᠷᠢᠮ 》 ᠢ ᠬᠡᠷᠡᠭᠵᠢᠭᠦᠯᠦᠭᠰᠡᠨ ᠨᠢ ᠲᠣᠭᠯᠠᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠲᠣᠭᠯᠠᠯᠲᠠ ᠶᠢᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ  ᠃ ᠭᠡᠪᠡᠴᠦ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠣᠭᠯᠠᠯᠲᠠ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠳᠠᠭᠠᠯᠳᠤᠨ᠂ 《 ᠨᠠᠷᠢᠨ ᠲᠦᠷᠢᠮ 》 ᠨᠢ 《 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ 》᠂ 《 ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠬᠠᠤᠯᠢ 》᠂ 《 ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ 》᠂ 《 ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ 》 ᠵᠡᠷᠭᠡ ᠲᠠᠢ ᠲᠥᠷᠥ ᠶᠢᠨ ᠪᠣᠳᠣᠯᠭ᠎ᠠ ᠶᠢᠨ ᠵᠣᠯᠭᠠᠯᠳᠤᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠬᠠᠮᠲᠤ᠂ 《  ᠳᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ 《 ᠨᠠᠷᠢᠨ ᠲᠦᠷᠢᠮ 》 ᠤᠨ ᠬᠤᠯᠪᠣᠭᠳᠠᠯ ᠪᠥᠬᠦᠶ ᠵᠦᠶᠯ ᠵᠤᠷᠪᠤᠰ ᠲᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ  ᠃     ᠬᠤᠶᠠᠷ᠂《 ᠨᠠᠷᠢᠨ ᠲᠦᠷᠢᠮ 》 ᠳᠤ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ ᠨᠢ ᠶᠠᠭᠤ ᠪᠣᠶ︖       《 ᠨᠠᠷᠢᠨ ᠲᠦᠷᠢᠮ 》 ᠳᠤ ᠵᠠᠰᠠᠪᠤᠷᠢ ᠣᠷᠣᠭᠤᠯᠬᠤ ᠳᠤ ᠭᠤᠤᠯᠳᠠᠭᠤ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠄ ᠨᠢᠭᠡ ᠳᠤ᠂ 《 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ 》᠂《 ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠬᠠᠤᠯᠢ 》 ᠳᠤ ᠬᠢ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠲᠤᠬᠠᠶ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠶᠠᠩᠭᠠᠩ ᠣᠣᠮᠧᠨ ᠲᠠᠶᠢᠸᠠᠨ ᠵᠢᠴᠢ ᠭᠠᠳᠠᠭᠠᠳᠤ ᠶᠢᠨ ᠬᠤᠳᠠᠯᠳᠤᠭᠠᠴᠢᠨ ᠪᠠᠯᠠ ᠣᠷᠣᠭᠤᠯᠵᠤ ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ ᠪᠠ ᠲᠣᠭᠯᠠᠯᠲᠠ ᠶᠢᠨ ᠲᠠᠯᠠᠪᠤᠷ ᠭᠠᠵᠠᠷ ᠢ ᠡᠵᠡᠩᠨᠡᠬᠦ ᠨᠢᠭᠡᠴᠢ ᠪᠠᠶᠢᠭᠤᠯᠬᠤ᠂ ᠰᠢᠶᠠᠩᠭᠠᠩ ᠣᠣᠮᠧᠨ ᠤ ᠪᠠᠯᠠ ᠣᠷᠣᠭᠤᠯᠤᠭᠴᠢ ᠪᠠᠯᠠ ᠣᠷᠣᠭᠤᠯᠵᠤ ᠡᠬᠡ ᠬᠠᠭᠤᠷᠠᠢ ᠶᠢᠨ ᠲᠠᠯ᠎ᠠ  ᠶᠢᠨ ᠬᠢᠨ ᠬᠤᠪᠢ ᠡᠵᠡᠮᠳᠡᠭᠰᠡᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠪᠠᠶᠢᠭᠤᠯᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠢ ᠲᠣᠳᠣᠷᠬᠠᠶᠢᠯᠠᠪᠠ  ᠃ ᠬᠤᠶᠠᠷ ᠲᠤ᠂ 《 ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ 》 ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠪᠠᠶᠢᠭᠤᠯᠭ᠎ᠠ ᠶᠢᠨ ᠲᠤᠬᠠᠶ ᠲᠣᠭᠲᠠᠭᠠᠯ ᠲᠠᠢ ᠵᠣᠯᠭᠠᠭᠤᠯᠵᠤ᠂ ᠰᠣᠶᠣᠯ ᠪᠠ ᠵᠢᠭᠤᠯᠴᠢᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠣᠭᠯᠠᠯᠲᠠ ᠶᠢᠨ ᠵᠠᠭᠤᠴᠢᠯᠠᠭᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠠᠵᠢᠯ ᠡᠷᠭᠢᠯᠡᠬᠦ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠲᠣᠳᠣᠷᠬᠠᠶᠢᠯᠠᠪᠠ  ᠃ ᠭᠤᠷᠪᠠ ᠳᠤ᠂ 《 ᠵᠠᠰᠠᠭ ᠵᠠᠬᠢᠷᠭᠠᠨ ᠤ ᠰᠢᠶᠳᠬᠡᠯ ᠤᠨ ᠬᠠᠤᠯᠢ 》 ᠶᠢᠨ ᠵᠠᠰᠠᠭ ᠵᠠᠬᠢᠷᠭᠠᠨ ᠤ ᠰᠢᠶᠳᠬᠡᠯ ᠤᠨ ᠲᠥᠷᠥᠯ ᠵᠦᠶᠯ ᠪᠠ ᠲᠣᠭᠲᠠᠭᠠᠯ ᠤᠨ ᠲᠤᠬᠠᠶ ᠲᠣᠭᠲᠠᠭᠠᠯ ᠲᠠᠢ ᠵᠣᠯᠭᠠᠯᠳᠤᠭᠤᠯᠵᠤ᠂ ᠭᠠᠳᠠᠭᠠᠳᠤ ᠳᠤ ᠬᠤᠯᠪᠣᠭᠳᠠᠬᠤ ᠲᠣᠭᠯᠠᠯᠲᠠ  ᠶᠢᠨ ᠵᠥᠪᠰᠢᠶᠡᠷᠡᠭᠳᠡᠭᠰᠡᠨ ᠬᠤᠭᠤᠴᠠᠭᠠᠨ ᠳᠤ ᠲᠣᠭᠯᠠᠯᠲᠠ ᠭᠠᠷᠭᠠᠬᠤ ᠭᠠᠵᠠᠷ ᠢᠶᠠᠨ ᠨᠡᠮᠡᠬᠦ᠂ ᠲᠣᠭᠯᠠᠯᠲᠠ ᠭᠠᠷᠭᠠᠬᠤ ᠭᠠᠵᠠᠷ ᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠭᠰᠠᠨ ᠥᠬᠡᠶ ᠦᠶ᠎ᠡ  ᠳᠤ  ᠬᠢ ᠰᠢᠢᠳᠬᠡᠬᠦ ᠠᠷᠭ᠎ᠠ ᠬᠡᠮᠵᠢᠶ᠎ᠡ ᠶᠢ ᠲᠤᠬᠢᠷᠠᠭᠤᠯᠪᠠ᠃ ᠲᠦᠷᠪᠡ ᠳᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠯᠠᠭ᠎ᠠ ᠮᠥᠴᠢᠷ ᠤᠨ ᠨᠡᠷᠡᠶᠢᠳᠦᠯ ᠵᠡᠷᠭᠡ ᠥᠭᠦᠯᠡᠯᠲᠡ ᠳᠤ ᠵᠠᠰᠠᠪᠤᠷᠢ ᠣᠷᠣᠭᠤᠯᠬᠤ ᠶᠢᠨ ᠬᠠᠮᠲᠤ ᠬᠡᠰᠡᠭ ᠵᠦᠢᠯ ᠵᠤᠷᠪᠤᠰ ᠤᠨ ᠳᠠᠷᠠᠭᠠᠯᠠᠯ ᠪᠠ ᠣᠨᠴᠠ ᠵᠠᠷᠢᠮ ᠦᠰᠦᠭ ᠪᠢᠴᠢᠭ ᠲᠤ  ᠵᠤᠬᠢᠬᠤ ᠵᠠᠰᠠᠪᠤᠷᠢ ᠣᠷᠣᠭᠤᠯᠪᠠ᠃     ᠭᠤᠷᠪᠠ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠦᠷᠢᠶᠡᠨ  ᠳᠤ ᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠶᠠᠭᠤ ᠶᠠᠭᠤ ᠪᠠᠶᠢᠬᠤ ᠪᠣᠶ︖ ᠶᠠᠮᠠᠷ  ᠬᠠᠷᠢᠴᠠᠭ᠎ᠠ ᠲᠠᠢ ᠪᠣᠶ︖      ᠣᠳᠣᠬᠠᠨ ᠳᠤ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠦᠷᠢᠶᠡᠨ  ᠳᠤ ᠬᠢ ᠵᠠᠰᠠᠭ ᠵᠠᠬᠢᠷᠭᠠᠨ ᠤ ᠵᠥᠪᠰᠢᠶᠡᠷᠡᠯ ᠳᠤ ᠭᠤᠤᠯᠳᠠᠭᠤ ᠭᠤᠷᠪᠠᠨ ᠲᠥᠷᠥᠯ ᠤᠨ ᠭᠤᠤᠯ ᠴᠣᠭᠴᠠ ᠶᠢᠨ ᠬᠢᠨᠠᠨ ᠵᠥᠪᠰᠢᠶᠡᠷᠡᠯ᠂ ᠨᠢᠭᠡᠳᠦᠭᠡᠷ ᠲᠥᠷᠥᠯ ᠤᠨ ᠠᠵᠢᠯᠯᠠᠭ᠎ᠠ ᠶᠢᠨ ᠬᠢᠨᠠᠨ ᠵᠥᠪᠰᠢᠶᠡᠷᠡᠯ ᠪᠠ ᠬᠢᠷᠢ ᠬᠡᠮ ᠤᠨ ᠮᠠᠭᠠᠳᠯᠠᠨ ᠲᠣᠭᠲᠠᠭᠠᠯᠲᠠ ᠪᠠᠭᠲᠠᠨ᠎ᠠ  ᠃ 《 ᠭᠤᠷᠪᠠᠨ ᠲᠥᠷᠥᠯ ᠤᠨ ᠪᠡᠶᠡᠴᠢ ᠴᠣᠭᠴᠠ 》 ᠭᠡᠳᠡᠭ ᠨᠢ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠭᠠᠵᠠᠷ ᠢ ᠡᠵᠡᠩᠨᠡᠬᠦ ᠨᠢᠭᠡᠴᠢ ᠶᠢ ᠵᠢᠭᠠᠵᠤ ᠪᠠᠶᠢᠨ᠎ᠠ᠂ 《 ᠠᠵᠢᠯᠯᠠᠭ᠎ᠠ 》 ᠭᠡᠳᠡᠭ ᠨᠢ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠂ 《 ᠬᠢᠷᠢ ᠬᠡᠮ ᠢ ᠮᠠᠭᠠᠳᠯᠠᠨ ᠲᠣᠭᠲᠠᠭᠠᠬᠤ 》 ᠭᠡᠳᠡᠭ ᠨᠢ ᠲᠣᠭᠯᠠᠯᠲᠠ ᠶᠢᠨ ᠵᠠᠭᠤᠴᠢᠯᠠᠭᠴᠢ  ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠵᠢᠭᠠᠵᠤ ᠪᠠᠶᠢᠨ᠎ᠠ  ᠃      ᠲᠣᠭᠯᠠᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ( ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠂ ᠲᠣᠭᠯᠠᠯᠲᠠ ᠶᠢᠨ  ᠵᠠᠭᠤᠴᠢᠯᠠᠬᠤ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠡᠵᠡᠩᠨᠡᠬᠦ ᠨᠢᠭᠡᠴᠢ ) ᠪᠣᠯᠬᠤ ᠪᠠᠷ ᠵᠥᠪᠰᠢᠶᠡᠷᠡᠭᠳᠡᠬᠦ ᠨᠢ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠡᠷᠬᠢᠯᠡᠬᠦ ᠪᠠᠷ ᠭᠤᠶᠤᠴᠢᠯᠠᠬᠤ ᠶᠢᠨ ᠤᠷᠢᠲᠠᠯ ᠨᠥᠬᠦᠴᠡᠯ ᠪᠣᠯᠤᠨ᠎ᠠ  ᠃ ᠲᠣᠭᠯᠠᠯᠲᠠ ᠶᠢᠨ ᠵᠠᠭᠤᠴᠢᠯᠠᠭᠴᠢ ᠶᠢᠨ ᠠᠵᠢᠯᠯᠠᠭ᠎ᠠ ᠡᠷᠭᠢᠯᠡᠬᠦ ᠬᠤᠪᠢ ᠬᠥᠮᠦᠨ ᠨᠢ ᠲᠣᠭᠯᠠᠯᠲᠠ ᠶᠢᠨ ᠵᠠᠭᠤᠴᠢᠯᠠᠭᠴᠢ ᠶᠢᠨ ᠬᠢᠷᠢ ᠬᠡᠮ ᠲᠠᠢ ᠪᠠᠶᠢᠬᠤ ᠬᠡᠷᠡᠭᠲᠡᠶ  ᠃ ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ ᠨᠢ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠠᠵᠢᠯᠯᠠᠭ᠎ᠠ ( ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ ᠶᠢ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ ) ᠡᠷᠭᠢᠯᠡᠬᠦ ᠪᠠᠷ ᠭᠤᠶᠤᠴᠢᠯᠠᠬᠤ ᠳᠤ ᠡᠷᠬᠡᠪᠰᠢ 3 ᠲᠤᠰᠬᠠᠶ ᠲᠤᠰᠢᠶᠠᠯᠲᠤ ᠲᠣᠭᠯᠠᠯᠲᠠ ᠶᠢᠨ ᠵᠠᠭᠤᠴᠢᠯᠠᠬᠤ ᠠᠵᠢᠯᠲᠠᠨ ᠲᠠᠢ ᠪᠠᠶᠢᠬᠤ ᠬᠡᠷᠡᠭᠲᠡᠶ︔ ᠲᠣᠭᠯᠠᠯᠲᠠ ᠶᠢᠨ ᠵᠠᠭᠤᠴᠢᠯᠠᠭᠴᠢ ᠪᠠᠶᠢᠭᠤᠯᠤᠮᠵᠢ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠡᠷᠬᠢᠯᠡᠬᠦ  ᠳᠤ᠂ ᠲᠤᠰᠬᠠᠶ ᠲᠤᠰᠢᠶᠠᠯᠳᠦ ᠲᠣᠭᠯᠠᠯᠲᠠ ᠶᠢᠨ ᠵᠠᠭᠤᠴᠢᠯᠠᠭᠴᠢ ᠲᠣᠬᠢᠷᠠᠭᠤᠯᠵᠤ ᠬᠠᠷᠢᠭᠤᠴᠠᠭᠤᠯᠬᠤ ᠬᠡᠷᠡᠭᠲᠡᠶ  ᠃       ᠳᠥᠷᠪᠡ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠡᠷᠭᠢᠯᠡᠬᠦ ᠳᠤ ᠠᠯᠢ ᠰᠠᠯᠠᠭ᠎ᠠ ᠮᠥᠴᠢᠷ ᠲᠤ ᠭᠤᠶᠤᠴᠢᠯᠠᠯ  ᠳᠡᠪᠰᠢᠬᠦᠯᠬᠦ ᠬᠡᠷᠡᠭᠲᠡᠶ ᠪᠣᠶ︖       ᠵᠥᠪᠬᠡᠨ ᠳᠣᠲᠣᠷ᠎ᠠ ᠭᠠᠵᠠᠷ ( ᠡᠬᠡ ᠬᠠᠭᠤᠷᠠᠶ ) ᠤᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠬᠤᠪᠢ ᠬᠥᠮᠦᠨ ᠣᠷᠣᠯᠴᠠᠭᠰᠠᠨ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢ ᠡᠷᠬᠢᠯᠡᠬᠦ ᠳᠤ᠂ ᠲᠣᠭᠯᠠᠯᠲᠠ ᠡᠷᠬᠢᠯᠡᠬᠦ  ᠨᠢᠭᠡᠴᠢ ᠨᠢ ᠲᠣᠭᠯᠠᠯᠲᠠ ᠭᠠᠷᠭᠠᠬᠤ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠡᠪᠰᠢᠬᠦᠯᠬᠦ  ᠬᠡᠷᠡᠭᠲᠡᠶ  ᠃       ᠭᠠᠳᠠᠭᠠᠳᠤ ᠤᠯᠤᠰ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ᠂ ᠲᠠᠶᠢᠸᠠᠨ ᠣᠷᠣᠨ ᠤ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠬᠤᠪᠢ ᠬᠥᠮᠦᠨ ᠤ ᠣᠷᠣᠯᠴᠠᠭᠰᠠᠨ ᠡᠵᠡᠩᠨᠡᠯᠲᠡ ᠶᠢᠨ ᠴᠢᠨᠠᠷᠲᠠᠢ ᠲᠣᠭᠯᠠᠯᠲᠠ  ᠡᠷᠬᠢᠯᠡᠬᠦ ᠳᠤ᠂ ᠲᠣᠭᠯᠠᠯᠲᠠ ᠶᠢ ᠡᠷᠬᠢᠯᠡᠬᠦ ᠨᠢᠭᠡᠴᠢ ᠲᠣᠭᠯᠠᠯᠲᠠ ᠭᠠᠷᠭᠠᠬᠤ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ  ᠲᠤ ᠭᠤᠶᠤᠴᠢᠯᠠᠯ  ᠳᠡᠪᠰᠢᠬᠦᠯᠬᠦ ᠬᠡᠷᠡᠭᠲᠡᠢ  ᠃  
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号