《 ᠳᠤᠮᠳᠠᠳᠤ ᠶᠢᠨ ᠮᠠᠭᠲᠠᠭᠠᠯ — ᠪᠢᠳᠡᠨ ᠤ ᠰᠡᠳᠬᠢᠯ ᠳᠤ ᠬᠢ ᠳᠦᠷᠢ ᠲᠥᠷᠬᠦ 》ᠶᠡᠷᠦᠩᠬᠡᠶᠢᠯᠡᠭᠰᠡᠨ ᠦᠵᠡᠭᠦᠯᠭᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠪᠡ
ᠨᠡᠶᠢᠲᠡᠯᠡᠭᠰᠡᠨ ᠴᠠᠭ᠄
2022/6/14
     6 ᠳ᠋ᠤᠭᠠᠷ ᠰᠠᠷ᠎ᠠ ᠶᠢᠨ 2 ᠤᠨ ᠡᠳᠦᠷ᠂《 ᠳᠤᠮᠳᠠᠳᠤ ᠶᠢᠨ ᠮᠠᠭᠲᠠᠭᠠᠯ — ᠪᠢᠳᠡᠨ ᠤ ᠰᠡᠳᠬᠢᠯ ᠳᠤ ᠬᠢ ᠳᠦᠷᠢ ᠲᠥᠷᠬᠦ 》ᠶᠡᠷᠦᠩᠬᠡᠶᠢᠯᠡᠭᠰᠡᠨ ᠦᠵᠡᠭᠦᠯᠭᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ  ᠤᠨ ᠳᠡᠳ᠋ ᠳᠠᠷᠤᠭ᠎ᠠ ᠰᠢᠨ ᠨᠠ ᠵᠡᠷᠭᠡ ᠤᠳᠤᠷᠢᠳᠤᠯᠭ᠎ᠠ ᠦᠵᠡᠭᠦᠯᠭᠡ ᠶᠢ ᠲᠣᠭᠤᠷᠢᠨ ᠦᠵᠡᠪᠡ᠃
     ᠦᠵᠡᠭᠦᠯᠭᠡ ᠨᠢ《 ᠮᠢᠨᠦ ᠡᠬᠡ ᠣᠷᠣᠨ 》᠂ 《 ᠰᠦᠷᠯᠢᠭ ᠰᠠᠶᠢᠬᠠᠨ ᠤᠯᠤᠰ ᠣᠷᠣᠨ 》᠂ 《 ᠭᠡᠷᠡᠯ ᠰᠠᠴᠤᠷᠠᠩᠭᠤᠶ ᠪᠣᠯᠪᠠᠰᠤᠨ 》᠂ 《 ᠠᠭᠤᠤ ᠶᠡᠭᠡ ᠵᠣᠷᠢᠭ ᠰᠠᠨᠠᠭ᠎ᠠ 》 ᠭᠡᠬᠦ ᠳᠥᠷᠪᠡᠨ ᠶᠡᠭᠡ ᠬᠡᠰᠡᠭ ᠢᠶᠠᠷ ᠪᠦᠷᠢᠯᠳᠦᠵᠦ᠂ 350 ᠭᠠᠷᠤᠶ ᠭᠡᠷᠡᠯ ᠵᠢᠷᠤᠭ᠂ 50 ᠭᠠᠷᠤᠶ ᠪᠤᠳᠠᠰ ᠪᠦᠲᠦᠭᠡᠭᠳᠡᠭᠦᠨ᠂ 55 ᠲᠠᠭᠤᠤ᠂ ᠳᠦᠷᠰᠦ ᠰᠢᠩᠭᠡᠭᠡᠯᠲᠡ ᠵᠢᠴᠢ ᠣᠯᠠᠨ ᠵᠦᠢᠯ ᠤᠨ ᠬᠠᠷᠢᠯᠴᠠᠨ ᠦᠢᠯᠡᠳᠦᠯᠴᠡᠬᠦ ᠲᠥᠬᠦᠭᠡᠷᠦᠮᠵᠢ ᠶᠢ ᠶᠡᠷᠦᠩᠬᠡᠶᠢᠯᠡᠨ ᠬᠡᠷᠡᠭᠯᠡᠵᠦ᠂ ᠡᠯ᠎ᠡ ᠦᠨᠳᠦᠰᠦᠲᠡᠨ ᠤ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠳᠡᠯᠭᠡᠨ ᠦᠵᠡᠭᠦᠯᠪᠡ᠃  ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ ᠪᠠᠰᠠ《 ᠢᠵᠢᠯ ᠤᠳᠬ᠎ᠠ ᠶᠢᠨ ᠬᠠᠮᠲᠤ ᠶᠢᠨ ᠠᠪᠢᠶ᠎ᠠ 》 ᠲᠤᠰᠬᠠᠢ ᠰᠡᠳᠦᠪᠲᠦ ᠦᠵᠡᠭᠦᠯᠭᠡ ᠶᠢᠨ ᠲᠣᠭᠤᠷᠢᠭ ᠭᠠᠷᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠤᠪᠢᠰᠤᠯᠲᠠ ᠶᠢᠨ ᠶᠠᠪᠤᠴᠠ ᠪᠣᠯᠤᠨ ᠳᠦᠷᠢᠮᠵᠢᠭᠰᠡᠨ ᠬᠡᠷᠡᠭᠯᠡᠭᠡ ᠵᠡᠷᠭᠡ ᠠᠭᠤᠯᠭ᠎ᠠ ᠶᠢ ᠳᠡᠯᠭᠡᠨ ᠦᠵᠡᠭᠦᠯᠪᠡ᠃
     ᠠᠵᠢᠯᠯᠠᠭ᠎ᠠ ᠥᠷᠨᠢᠭᠦᠯᠦᠭᠰᠡᠨ ᠲᠤᠰ ᠡᠳᠦᠷ᠂ ᠮᠥᠨ ᠴᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ  ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠤᠨ ᠦᠵᠡᠰᠭᠦᠯᠡᠩ  ᠤᠨ ᠣᠷᠳᠣᠨ ᠤ ᠺᠠᠳ᠋ᠷ ᠠᠵᠢᠯᠳᠠᠨ ᠵᠢᠴᠢ ᠥᠷᠭᠡᠨ ᠤᠯᠠᠨ ᠦᠵᠡᠭᠴᠢᠳ ᠬᠠᠮᠲᠤ ᠪᠠᠷ《 ᠤᠯᠠᠮᠵᠢᠯᠠᠯᠲᠤ ᠰᠣᠶᠣᠯ ᠢ ᠰᠠᠷ᠎ᠠ ᠰᠠᠷ᠎ᠠ ᠪᠠᠷ ᠤᠯᠠᠮᠵᠢᠯᠠᠬᠤ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠢ ᠡᠭᠦᠷᠢᠳᠡ ᠤᠯᠠᠮᠵᠢᠯᠠᠨ ᠵᠠᠯᠭᠠᠮᠵᠢᠯᠠᠵᠤ᠂ ᠠᠯᠲᠠᠨ ᠦᠨᠳᠦᠰᠦ ᠠᠷᠢᠭᠤᠨ‌‍ᠰᠦ᠋ᠨᠡᠰᠦ ᠶᠢ ᠬᠦᠮᠦᠵᠢᠭᠦᠯᠵᠦ ᠬᠡᠪᠵᠢᠭᠦᠯᠦᠨ ᠳᠤᠮᠳᠠᠳᠤ   ᠪᠠᠨ ᠮᠠᠭᠲᠠᠨ ᠳᠠᠭᠤᠯᠠᠬᠤ 》ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠵᠤ᠂ 《 ᠴᠢᠦᠢ ᠶᠤᠸᠠᠨ 》 ᠤ ᠲᠤᠬᠠᠢ ᠠᠰᠠᠭᠤᠯᠲᠠ ᠶᠢ ᠬᠠᠷᠢᠭᠤᠯᠵᠤ᠂ 《 ᠽᠦᠩᠽᠢ 》 ᠶᠢᠨ ᠲᠤᠲᠤᠷᠠᠬᠢ ᠣᠨᠢᠰᠤᠭ᠎ᠠ ᠶᠢ ᠲᠠᠭᠠᠵᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠢ ᠤᠯᠠᠮᠵᠢᠯᠠᠵᠤ ᠂ 《ᠳᠤᠮᠳᠠᠳᠤ ᠤᠯᠤᠰ ᠤᠨ ᠵᠠᠩ ᠠᠭᠠᠯᠢ 》 ᠶᠢ ᠪᠣᠯᠪᠠᠰᠤᠷᠠᠭᠤᠯᠵᠤ᠂《 ᠤᠯᠤᠰ ᠢᠶᠠᠨ ᠬᠠᠶᠢᠷᠠᠯᠠᠬᠤ ᠰᠡᠳᠬᠢᠯᠭᠡ 》 ᠪᠠᠨ ᠵᠤᠵᠠᠭᠠᠳᠬᠠᠪᠠ᠃
<< < 1 2 > >>  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号