《 ᠳᠤᠮᠳᠠᠳᠤ ᠶᠢᠨ ᠮᠠᠭᠲᠠᠭᠠᠯ · ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠰᠤᠶᠤᠯ ᠤᠨ ᠰᠤᠳᠠᠰᠤ 》— 2022 ᠣᠨ ᠤ《 ᠰᠣᠶᠣᠯ ᠪᠠ ᠪᠠᠶᠢᠭᠠᠯᠢ ᠶᠢᠨ ᠥᠪ ᠤᠨ ᠡᠳᠦᠷ 》 ᠤᠨ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ ᠭᠤᠤᠯ ᠲᠠᠯᠠᠪᠤᠷ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/6/15
     6 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠸᠢᠳᠢᠤ᠋ ᠬᠤᠷᠠᠯ ᠤᠨ ᠬᠡᠯᠪᠡᠷᠢ ᠪᠠᠷ ᠳᠠᠮᠵᠢᠭᠤᠯᠤᠨ᠂《 ᠳᠤᠮᠳᠠᠳᠤ ᠶᠢᠨ ᠮᠠᠭᠲᠠᠭᠠᠯ · ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠰᠣᠶᠣᠯ ᠤᠨ ᠰᠤᠳᠠᠰᠤ 》— 2022 ᠣᠨ ᠤ《 ᠰᠣᠶᠣᠯ ᠪᠠ ᠪᠠᠶᠢᠭᠠᠯᠢ ᠶᠢᠨ ᠥᠪ ᠤᠨ ᠡᠳᠦᠷ 》 ᠤᠨ ᠥᠪᠥᠷ ᠮᠣᠩᠭᠤᠯ  ᠤᠨ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ ᠭᠤᠤᠯ ᠲᠠᠯᠠᠪᠤᠷ ᠤᠨ ᠠᠵᠢᠯᠯᠠᠭ᠎ᠠ  ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ ᠶᠠᠷᠢᠶ᠎ᠠ ᠲᠠᠯᠪᠢᠭᠰᠠᠨ ᠪᠥᠭᠡᠳ ᠭᠤᠣᠯ ᠲᠠᠯᠠᠪᠤᠷ ᠤᠨ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠰᠢᠨ ᠨᠠ ᠭᠤᠤᠯ ᠲᠠᠯᠠᠪᠤᠷ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ  ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠤᠯᠠᠮᠵᠢᠯᠠᠪᠠ᠃ ᠪᠠᠶᠠᠨᠨᠠᠭᠤᠷ ᠬᠤᠲᠠ ᠲᠤᠬᠠᠶ ᠶᠢᠨ ᠭᠠᠵᠠᠷ ᠤᠨ《 ᠥᠪ ᠬᠥᠷᠥᠩᠭᠡ ᠶᠢᠨ ᠡᠳᠦᠷ 》 ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃ ᠬᠥᠬᠡᠬᠤᠲᠠ ᠶᠢᠨ ᠦᠭᠡᠳᠡᠰᠦᠨ ᠨᠠᠭᠠᠮᠠᠯ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠶᠯᠡᠳᠪᠦᠷᠢ ᠶᠢᠨ ᠬᠠᠷᠢᠭᠤᠴᠠᠯᠭᠠᠲᠠᠨ ᠦᠶᠯᠡᠳᠪᠦᠷᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠪᠠ᠃      ᠠᠵᠢᠯᠯᠠᠭᠠᠨ ᠤ ᠬᠤᠭᠤᠴᠠᠭᠠᠨ ᠳᠤ᠂《 ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠳᠥᠷᠪᠡᠨ ᠤᠯᠠᠷᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ 》᠂《 ᠥᠪᠥᠷ ᠮᠣᠩᠭᠤᠯ ᠤᠨ ᠬᠠᠲᠤᠨ ᠭᠤᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ 》᠂ ᠥᠪᠥᠷ ᠮᠣᠩᠭᠤᠯ ᠤᠨ《 ᠪᠣᠳᠠᠰ ᠤᠨ ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠪᠠᠶᠠᠷ 》 ᠤᠨ ᠰᠦᠯᠵᠢᠶᠡᠨ ᠳᠡᠭᠡᠷ᠎ᠡ ᠳᠡᠯᠭᠡᠨ ᠪᠣᠷᠣᠯᠠᠭᠤᠯᠬᠤ ᠵᠢᠴᠢ《 ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠤᠨ ᠲᠠᠩᠬᠢᠮ 》 ᠤᠨ ᠰᠦᠯᠵᠢᠶᠡᠨ  ᠳᠡᠭᠡᠷᠡᠬᠢ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠵᠡᠷᠭᠡ ᠳᠤ ᠨᠢ ᠡᠬᠢᠯᠡᠭᠦᠯᠵᠦ᠂ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠭᠦᠯᠬᠦ ᠪᠠᠷ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号