ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠼᠢᠷᠺ ᠤᠨ ᠵᠦᠴᠦᠭᠡ《 ᠰᠠᠶᠢᠨ ᠰᠠᠶᠢᠬᠠᠨ ᠠᠮᠢᠳᠤᠷᠠᠯ 》 ᠤᠨ ᠵᠦᠴᠦᠭᠡ ᠶᠢᠨ ᠳᠤᠭᠤᠶᠢᠯᠠᠩ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2022/6/15
     6 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠤᠷᠠᠯᠢᠭ ᠵᠦᠴᠦᠭᠡ  ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠳᠡᠳ᠋ ᠱᠦᠵᠢ ᠯᠢᠦ ᠰᠢ ᠶᠠᠨ᠂ ᠨᠠᠮ ᠤᠨ ᠬᠤᠷᠢᠶᠠᠨ ᠤ ᠭᠡᠰᠢᠭᠦᠨ᠂ ᠤᠷᠠᠯᠢᠭ ᠤᠨ ᠶᠡᠷᠦᠩᠬᠡᠶ ᠪᠠᠶᠢᠴᠠᠭᠠᠭᠴᠢ ᠡᠷᠳᠡᠨᠢ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠪᠣᠯᠤᠨ ᠠᠵᠢᠯᠴᠢᠨ ᠤ ᠡᠪᠯᠡᠯ ᠤᠨ ᠡᠮᠦᠨ᠎ᠡ ᠠᠴᠠ ᠼᠢᠷᠺ ᠤᠨ ᠵᠦᠴᠦᠭᠡ《 ᠰᠠᠶᠢᠨ ᠰᠠᠶᠢᠬᠠᠨ ᠠᠮᠢᠳᠤᠷᠠᠯ 》 ᠤᠨ ᠵᠦᠴᠦᠭᠡ ᠶᠢᠨ ᠳᠤᠭᠤᠶᠢᠯᠠᠩ ᠢ ᠳᠣᠲᠣᠨᠣ ᠪᠠᠷ ᠲᠣᠬᠤᠨᠢᠭᠤᠯᠵᠤ᠂ ᠲᠣᠭᠯᠠᠭᠴᠢᠳ ᠲᠤ ᠴᠢᠩ ᠰᠡᠳᠬᠢᠯ ᠤᠨ ᠲᠣᠬᠤᠨᠢᠭᠤᠯᠤᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠦᠭᠰᠡᠨ ᠪᠥᠭᠡᠳ ᠲᠣᠬᠤᠨᠢᠭᠤᠯᠬᠤ ᠪᠣᠳᠠᠰ ᠬᠦᠷᠭᠡᠪᠡ᠃      ᠯᠢᠦ ᠰᠢ ᠶᠠᠨ ᠨᠥᠬᠦᠷ ᠲᠣᠭᠯᠠᠭᠴᠢᠳ ᠤᠨ ᠪᠣᠯᠪᠠᠰᠤᠷᠠᠬᠤ ᠦᠶ᠎ᠡ ᠳᠤ ᠢᠯᠡᠷᠡᠭᠦᠯᠦᠭᠰᠡᠨ ᠬᠦᠴᠢᠷ ᠪᠡᠷᠬᠡᠰᠢᠶᠡᠯ  ᠠᠴᠠ ᠠᠶᠤᠬᠤ ᠦᠭᠡᠢ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠ ᠪᠣᠯᠪᠠᠰᠤᠷᠠᠬᠤ ᠬᠤᠭᠤᠴᠠᠭᠠᠨ ᠳᠤ ᠣᠯᠤᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠲᠣᠭᠯᠠᠭᠴᠢᠳ ᠲᠤ ᠴᠢᠩ ᠰᠡᠳᠬᠢᠯ ᠤᠨ ᠮᠡᠨᠳᠦᠴᠢᠯᠡᠯ ᠪᠠ ᠲᠠᠯᠠᠷᠬᠠᠯ ᠢᠶᠠᠨ ᠳᠡᠪᠰᠢᠭᠦᠯᠪᠡ᠃ ᠪᠣᠯᠪᠠᠰᠤᠷᠠᠯ ᠤᠳᠠᠯ ᠦᠭᠡᠢ ᠵᠠᠩᠭᠢᠯᠠᠭ᠎ᠠ ᠶᠢᠨ ᠴᠠᠭ ᠮᠥᠴᠡ ᠳᠤ ᠣᠷᠣᠬᠤ ᠭᠡᠵᠦ ᠪᠠᠶᠢᠭ᠎ᠠ ᠪᠤᠯᠬᠤᠷ᠂ ᠳᠠᠷᠠᠭᠠᠴᠢ ᠶᠢᠨ ᠱᠠᠲᠤᠨ ᠤ ᠠᠵᠢᠯ  ᠢ ᠰᠠᠶᠢᠲᠤᠷ ᠬᠢᠬᠦ ᠲᠤᠬᠠᠢ ᠲᠡᠷᠡ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠲᠣᠭᠯᠠᠯᠲᠠ ᠶᠢᠨ ᠪᠣᠯᠪᠠᠰᠤᠷᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠭᠯᠠᠭᠴᠢᠳ ᠠᠵᠠ ᠲᠣᠬᠢᠶᠠᠯ ᠢ ᠨᠠᠨᠳᠢᠩᠨᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠳᠤᠷᠢᠳᠤᠭᠠᠴᠢ ᠶᠢᠨ ᠪᠦᠯᠬᠦᠮ ᠲᠠᠢ ᠢᠳᠡᠪᠬᠢᠲᠡᠢ ᠬᠠᠮᠵᠢᠯᠴᠠᠵᠤ᠂ ᠼᠢᠷᠺᠴᠢᠨ ᠬᠥᠮᠦᠰ ᠤᠨ ᠬᠦᠴᠢᠷ ᠠᠴᠠ ᠠᠶᠤᠬᠤ ᠦᠭᠡᠢ ᠶᠠᠳᠠᠷᠠᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠢᠯᠡᠷᠡᠭᠦᠯᠬᠦ ᠬᠡᠷᠡᠭᠲᠡᠢ︔ ᠬᠤᠶᠠᠷ ᠲᠤ᠂ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠲᠠᠰᠤᠷᠠᠯᠲᠠ ᠥᠬᠡᠶ ᠰᠠᠶᠢᠲᠤᠷ ᠬᠢᠵᠦ᠂ ᠲᠣᠭᠯᠠᠭᠴᠢᠳ ᠨᠢᠭᠡ ᠰᠡᠳᠬᠢᠯ ᠨᠢᠭᠡ ᠵᠣᠷᠢᠭ ᠢᠶᠠᠷ ᠪᠣᠯᠪᠠᠰᠤᠷᠠᠬᠤ ᠠᠵᠢᠯ ᠳᠤ ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ᠂ ᠡᠷᠬᠡᠪᠰᠢ ᠪᠣᠯᠪᠠᠰᠤᠷᠠᠯ ᠤᠨ ᠠᠮᠤᠷ ᠲᠦᠪᠰᠢᠨ ᠢ ᠪᠠᠲᠤᠯᠠᠵᠤ᠂ ᠲᠣᠭᠯᠠᠭᠴᠢ ᠶᠢᠨ ᠰᠠᠶᠢᠨ ᠰᠠᠶᠢᠬᠠᠨ ᠣᠶᠤᠨ ᠰᠠᠨᠠᠭᠠᠨ ᠤ ᠪᠠᠶᠢᠳᠠᠯ ᠢ ᠪᠠᠲᠤᠯᠠᠬᠤ ᠬᠡᠷᠡᠭᠲᠡᠶ᠃ ᠬᠠᠮᠤᠭ ᠤᠨ ᠰᠡᠭᠦᠯ  ᠳᠤ ᠲᠡᠷᠡ ᠲᠤᠰ ᠵᠦᠴᠦᠭᠡ ᠶᠢᠨ ᠲᠠᠶᠢᠰᠠᠨ ᠳᠡᠭᠡᠷ᠎ᠡ ᠭᠤᠶᠢᠲᠠ ᠰᠠᠶᠢᠬᠠᠨ ᠢᠯᠡᠷᠡᠬᠦ ᠶᠢ ᠬᠦᠰᠡᠨ ᠬᠦᠯᠢᠶᠡᠵᠦ ᠪᠠᠶᠢᠨ᠎ᠠ ᠭᠡᠵᠦ ᠢᠯᠡᠳᠬᠡᠪᠡ᠃      ᠶᠡᠷᠦᠩᠬᠡᠢ ᠤᠳᠤᠷᠢᠳᠤᠭᠠᠴᠢ ᠡᡁᠧ ᠶᠠᠨ ᠮᠢᠨ ᠲᠣᠭᠯᠠᠭᠴᠢᠳ ᠤᠨ ᠰᠢᠷᠬ᠎ᠠ ᠲᠠᠢ ᠪᠣᠯᠪᠠᠴᠤ ᠳᠠᠪᠲᠠᠨ ᠪᠣᠯᠪᠠᠰᠤᠷᠠᠬᠤ ᠪᠠᠨ ᠪᠠᠷᠢᠮᠲᠠᠯᠠᠬᠤ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠨ ᠢ ᠦᠷᠭᠦᠯᠵᠢᠯᠡᠨ ᠪᠠᠷᠢᠮᠲᠠᠯᠠᠵᠤ᠂ ᠡᠴᠦᠰ ᠤᠨ ᠰᠢᠪᠲᠤᠯᠤᠯᠲᠠ ᠶᠢ ᠰᠠᠶᠢᠲᠤᠷ ᠬᠢᠭᠡᠷᠡᠢ ᠭᠡᠵᠦ ᠵᠣᠷᠢᠭᠵᠢᠭᠤᠯᠪᠠ᠃      ᠼᠢᠷᠺ ᠤᠨ ᠵᠦᠴᠦᠭᠡ《 ᠰᠠᠶᠢᠨ ᠰᠠᠶᠢᠬᠠᠨ ᠠᠮᠢᠳᠤᠷᠠᠯ 》 ᠨᠢ《 ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ 》᠂《 ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ 》᠂《 ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ 》᠂《 ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ 》᠂《 ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ 》 ᠪᠠᠷ ᠳᠣᠲᠣᠭᠠᠳᠤ ᠴᠥᠮ᠎ᠡ ᠪᠤᠯᠭᠠᠪᠠ᠃ ᠼᠢᠷᠺ ᠤᠷᠠᠯᠢᠭ ᠢᠶᠠᠷ ᠠᠴᠢᠶᠠᠯᠠᠪᠤᠷᠢ ᠪᠣᠯᠭᠠᠵᠤ᠂ ᠤᠳᠤ ᠦᠶ᠎ᠡ ᠶᠢᠨ ᠲᠠᠯ᠎ᠠ ᠨᠤᠲᠤᠭ ᠤᠨ ᠮᠠᠯᠴᠢᠨ ᠲᠠᠷᠢᠶᠠᠴᠢᠨ ᠤ ᠬᠥᠳᠡᠭᠡ ᠲᠣᠰᠬᠤᠨ ᠭᠤᠶᠤ ᠰᠠᠶᠢᠬᠠᠨ᠂ ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠦᠢᠯᠡᠳᠦᠯᠭᠡ ᠳᠤᠮᠳᠠ ᠤᠯᠠᠮᠵᠢᠯᠠᠯᠲᠤ ᠰᠡᠳᠬᠢᠬᠦᠢ ᠪᠠᠨ ᠡᠪᠳᠡᠵᠦ᠂《 ᠤᠶᠤᠨ ᠤᠬᠠᠭᠠᠨ 》 ᠢᠶᠠᠷ ᠨᠤᠲᠤᠭ ᠤᠰᠤ ᠪᠠᠨ ᠪᠦᠳᠦᠬᠡᠨ ᠪᠠᠶᠢᠭᠤᠯᠬᠤ ᠪᠠᠷ ᠭᠤᠣᠯ ᠰᠡᠳᠦᠪ ᠢᠶᠠᠨ ᠪᠣᠯᠭᠠᠵᠤ᠂ ᠤᠳᠤ ᠦᠶ᠎ᠡ ᠶᠢᠨ ᠮᠠᠯᠴᠢᠳ ᠤᠨ ᠰᠢᠨ᠎ᠡ ᠲᠦᠷᠢ ᠲᠥᠷᠬᠦ ᠶᠢ ᠱᠤᠭᠤᠵᠤ᠂ ᠲᠠᠯ᠎ᠠ ᠨᠤᠲᠤᠭ ᠤᠨ ᠰᠠᠶᠢᠨ ᠰᠠᠶᠢᠬᠠᠨ ᠠᠮᠢᠳᠤᠷᠠᠯ ᠲᠠᠢ ᠳᠤᠮᠳᠠᠳᠤ ᠤᠯᠤᠰ ᠤᠨ ᠦᠯᠢᠬᠡᠷ ᠢ ᠰᠠᠶᠢᠲᠤᠷ ᠶᠠᠷᠢᠭᠰᠠᠨ ᠢ ᠢᠯᠡᠷᠡᠭᠦᠯᠦᠨ᠎ᠡ᠃ ᠲᠣᠰ ᠵᠦᠴᠦᠭᠡ ᠡᠨᠡ ᠵᠢᠯ ᠤᠨ 7 ᠳ᠋ᠤᠭᠠᠷ ᠰᠠᠷ᠎ᠠ ᠳᠤ ᠦᠵᠡᠭᠴᠢᠳ ᠲᠠᠢ ᠵᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号