ᠬᠥᠬᠡᠬᠤᠲᠠ ᠶᠢᠨ ᠨᠣᠮ ᠤᠨ ᠰᠠᠩ ᠢ ᠵᠢᠩ ᠼᠦᠢ ᠬᠤᠸᠠ ᠯᠢᠨ ᠨᠡᠶᠢᠭᠡᠮ ᠲᠣᠭᠤᠷᠢᠭ ᠲᠤ ᠬᠦᠷᠴᠦ ᠪᠥᠬᠦ ᠠᠷᠠᠳ ᠢᠶᠠᠷ ᠢᠶᠠᠨ ᠨᠤᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/23
    6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠨᠣᠮ ᠤᠨ ᠰᠠᠩ ᠬᠥᠬᠡᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠲᠠᠢ ᠬᠠᠮᠲᠤᠷᠠᠨ ᠢ ᠵᠢᠩ ᠼᠦᠢ ᠬᠤᠸᠠ ᠯᠢᠨ ᠨᠡᠶᠢᠭᠡᠮ ᠲᠣᠭᠤᠷᠢᠭ ᠲᠤ ᠬᠦᠷᠴᠦ᠂ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠲᠤᠰ ᠡᠳᠦᠷ᠂ ᠢ ᠵᠢᠩ ᠼᠦᠢ ᠬᠤᠸᠠ ᠯᠢᠨ ᠨᠡᠶᠢᠭᠡᠮ ᠲᠣᠭᠤᠷᠢᠭ ᠤᠨ ᠠᠵᠢᠯᠲᠠᠳ ᠲᠤ ᠨᠣᠮ ᠵᠢᠭᠡᠯᠡᠬᠦ ᠺᠠᠷᠲ᠂ ᠰᠡᠳᠬᠦᠯ ᠵᠢᠴᠢ《 ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠢ ᠵᠠᠭᠤᠨ ᠠᠰᠠᠭᠤᠯᠲᠠ 》 ᠶᠢ ᠵᠠᠭᠤ ᠭᠠᠷᠤᠢ ᠳᠡᠪᠲᠡᠷ ᠬᠦᠷᠭᠡᠪᠡ᠃ ᠡᠭᠦᠨ ᠠᠴᠠ ᠭᠠᠳᠠᠨ᠎ᠠ᠂ ᠬᠥᠬᠡᠬᠤᠲᠠ ᠶᠢᠨ ᠨᠣᠮ ᠤᠨ ᠰᠠᠩ ᠪᠠᠰᠠ ᠨᠣᠮ ᠪᠢᠴᠢᠭ ᠤᠨ ᠨᠡᠭᠦᠳᠡᠯ ᠲᠡᠷᠭᠡ ᠶᠢᠨ ᠦᠶᠯᠡᠴᠢᠯᠡᠭᠡᠨ ᠤ ᠵᠠᠭᠪᠤᠷ ᠢ ᠬᠡᠷᠡᠭᠯᠡᠨ᠂ ᠰᠠᠶ᠋ᠢᠬᠠᠨ ᠰᠢᠨᠡᠳᠬᠡᠭᠰᠡᠨ 2000 ᠰᠢᠨ᠎ᠡ ᠨᠣᠮ ᠢ ᠳᠦᠭᠦᠷᠲᠡᠯ᠎ᠡ ᠠᠴᠢᠶᠠᠯᠠᠵᠤ᠂ ᠢ ᠵᠢᠩ ᠼᠦᠢ ᠬᠤᠸᠠ ᠯᠢᠨ ᠨᠡᠶᠢᠭᠡᠮ ᠲᠣᠭᠤᠷᠢᠭ ᠤᠨ ᠬᠦᠷᠢᠶᠡᠨ ᠳᠤ ᠵᠣᠭᠰᠣᠭᠠᠵᠤ᠂ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ  ᠲᠤ ᠨᠣᠮ ᠵᠢᠭᠡᠯᠡᠵᠦ ᠪᠤᠴᠠᠭᠠᠬᠤ ᠪᠠ ᠤᠩᠰᠢᠯᠭ᠎ᠠ ᠶᠢᠨ ᠦᠶᠯᠡᠴᠢᠯᠡᠭᠡ ᠬᠠᠩᠭᠠᠬᠤ ᠶᠢᠨ ᠬᠠᠮᠲᠤ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠲᠤ ᠨᠣᠮ ᠵᠢᠭᠡᠯᠡᠬᠦ ᠦᠨᠡᠮᠯᠡᠯ ᠬᠢᠵᠦ ᠥᠭᠴᠦ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠬᠠᠯᠠᠰᠢᠷᠠᠯ ᠥᠬᠡᠶ ᠬᠠᠷᠢᠭᠤᠯᠲᠠ ᠥᠭᠴᠦ ᠲᠥᠭᠡᠷᠢᠭᠳᠡᠯ ᠢ ᠨᠢ ᠳᠡᠶᠢᠯᠪᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠡᠭᠦᠳᠡᠯ ᠮᠠᠰᠢᠨ ᠲᠡᠷᠭᠡ ᠪᠠᠷ ᠳᠡᠯᠭᠡᠨ ᠦᠵᠡᠭᠦᠯᠵᠦ ᠪᠠᠶᠢᠭ᠎ᠠ ᠳᠦᠭᠦᠮ ᠮᠠᠶ᠋ᠢᠭ  ᠤᠨ ᠤᠩᠰᠢᠯᠭ᠎ᠠ ᠶᠢᠨ ᠰᠢᠷᠡᠭᠡ ᠶᠢ ᠲᠤᠭᠤᠷᠢᠨ ᠬᠠᠮᠲᠤ ᠪᠠᠷ ᠰᠡᠳᠭᠢᠯ ᠳᠤ ᠲᠠᠭᠠᠯᠠᠭᠳᠠᠭᠰᠠᠨ ᠳᠤᠷᠠᠲᠠᠶ ᠨᠣᠮ ᠪᠢᠴᠢᠭ ᠪᠠ ᠰᠡᠳᠬᠦᠯ ᠢᠶᠠᠨ ᠤᠩᠰᠢᠵᠠᠭᠠᠪᠠ᠃ ᠠᠵᠢᠯᠯᠠᠭ᠎ᠠ ᠶᠢᠨ ᠥᠷᠨᠢᠯᠲᠡ ᠨᠢ ᠨᠡᠶᠢᠭᠡᠮ ᠲᠣᠭᠤᠷᠢᠭ ᠤᠨ ᠤᠩᠰᠢᠭᠴᠢᠳ  ᠤᠨ ᠵᠢᠭᠡᠯᠡᠨ ᠤᠩᠰᠢᠬᠤ ᠱᠠᠭᠠᠷᠳᠠᠯᠭ᠎ᠠ ᠶᠢ ᠦᠨᠡᠨ ᠬᠦ ᠬᠠᠩᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠰᠠᠶᠢᠨ ᠦᠨᠡᠯᠡᠯᠲᠡ ᠶᠢ ᠣᠯᠵᠠᠶ᠃     ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠨᠣᠮ ᠤᠨ ᠰᠠᠩ ᠪᠦᠬᠦ ᠠᠷᠠᠳ ᠤᠨ ᠨᠣᠮ ᠤᠩᠰᠢᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠦᠯᠦᠨ ᠳᠠᠭᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠯᠦᠭᠡ ᠬᠠᠮᠲᠤᠷᠠᠯᠴᠠᠵᠤ᠂ ᠡᠯᠪᠡᠭ ᠪᠠᠶᠠᠯᠢᠭ ᠠᠭᠤᠯᠭ᠎ᠠ ᠲᠠᠢ ᠨᠣᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠤᠯᠠᠨ ᠨᠡᠶᠢᠲᠡ ᠶᠢᠨ ᠰᠣᠶᠣᠯ  ᠤᠨ ᠦᠢᠯᠡᠴᠢᠯᠡᠭᠡ ᠶᠢ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号